ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠪᠠᠭ᠋ᠠᠴᠤᠳ ᠬᠡᠦᠬᠡᠳ᠎ᠤᠨ ᠰᠢᠯᠦᠭ ᠤᠶᠠᠩᠭ᠋ᠠᠯᠠᠯ᠎ᠤᠨ ᠠᠵᠢᠯᠯᠠᠭ᠎ᠠ ᠤᠯᠠᠭ᠋ᠠᠨᠬᠠᠳᠠ ᠬᠤᠲᠠ᠎ᠳᠤ ᠶᠠᠪᠤᠭᠳᠠᠪᠠ
ᠨᠡᠶᠢᠲᠡᠯᠡᠭᠰᠡᠨ ᠴᠠᠭ᠄ 2025-08-20

ᠰᠢ᠎ᠵᠢᠨ᠎ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠲᠠᠪᠤᠷᠢᠵᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠶᠠᠫᠤᠨ᠎ᠢ ᠡᠰᠡᠷᠭᠦᠴᠡᠬᠦ ᠳᠠᠶ᠋ᠢᠨ ᠵᠢᠴᠢ ᠳᠡᠯᠡᠬᠡᠢ ᠵᠢᠨ ᠹᠠᠱ᠌ᠢᠰ᠎ᠢ ᠡᠰᠡᠷᠭᠦᠴᠡᠬᠦ ᠳᠠᠶ᠋ᠢᠨ ᠢᠯᠠᠯᠲᠠ ᠣᠯᠣᠭᠰᠠᠨ 80 ᠵᠢᠯ᠎ᠤᠨ ᠣᠶ ᠵᠢ ᠪᠡᠯᠭᠡᠯᠡᠨ᠂ ᠨᠡᠢ᠌ᠭᠡᠮ ᠵᠢᠷᠤᠮ᠎ᠤᠨ ᠭᠣᠣᠯᠯᠠᠭᠴᠢ ᠥᠷᠲᠡᠭ᠎ᠤᠨ ᠦᠵᠡᠯᠲᠡ ᠵᠢ ᠪᠣᠢ᠌ᠵᠢᠭᠤᠯᠤᠨ ᠦᠢ᠍ᠯᠡᠳᠦᠯᠭᠡᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠤᠭᠴᠠᠯᠠᠵᠤ᠂ ᠪᠦᠬᠦ ᠠᠷᠠᠳ ᠵᠶ᠋ᠠᠷ ᠵᠶ᠋ᠠᠨ ᠨᠣᠮ ᠤᠩᠰᠢᠬᠤ ᠵᠢ ᠠᠬᠢᠭᠤᠯᠵᠤ᠂ ᠨᠣᠮ᠎ᠤᠨ ᠰᠤᠷᠪᠤᠯᠵᠢᠲᠤ ᠨᠡᠢ᠌ᠭᠡᠮ᠎ᠢ ᠪᠠᠢ᠌ᠭᠤᠯᠬᠤ ᠵᠢᠨ ᠲᠦᠯᠦᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠲᠤᠯᠭᠤᠷ ᠪᠢᠴᠢᠭ ᠴᠤᠭᠯᠠᠭᠤᠯᠬᠤ ᠰᠤᠳᠤᠯᠭ᠋ᠠᠨ᠎ᠤ ᠲᠠᠰᠤᠭ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ᠎ᠤᠨ ᠡᠷᠳᠡᠮ ᠰᠢᠨᠵᠢᠯᠡᠭᠡᠨ᠎ᠤ ᠨᠡᠢ᠌ᠭᠡᠮᠯᠢᠭ ᠭᠤᠤᠯᠯᠠᠨ ᠡᠷᠬᠢᠯᠡᠵᠦ᠂ ᠤᠯᠠᠭ᠋ᠠᠨᠬᠠᠳᠠ ᠬᠣᠲᠠ ᠵᠢᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠂ ᠤᠯᠠᠭ᠋ᠠᠨᠬᠠᠳᠠ ᠬᠣᠲᠠ ᠵᠢᠨ ᠬᠠᠮ ᠵᠠᠭᠤᠴᠢᠯᠠᠭᠤᠷ᠎ᠤᠨ ᠲᠥᠪ ᠳᠠᠭ᠋ᠠᠭ᠋ᠠᠴᠢᠯᠠᠨ ᠡᠷᠬᠢᠯᠡᠨ᠂ ᠤᠯᠠᠭ᠋ᠠᠨᠬᠠᠳᠠ ᠬᠤᠳᠠ ᠵᠢᠨ ᠨᠣᠮ᠎ᠤᠨ ᠰᠠᠩ᠂ ᠦᠢ᠍ᠯᠡᠰ ᠰᠤᠷᠭ᠋ᠠᠨ ᠬᠥᠮᠦᠵᠢᠯ᠎ᠤᠨ ᠬᠡᠪᠯᠡᠨ ᠲᠠᠷᠬᠠᠭ᠋ᠠᠬᠤ ᠬᠢᠵᠠᠭ᠋ᠠᠷᠲᠤ ᠺᠣᠮᠫᠠᠨᠢ ᠵᠢᠨ ᠬᠠᠮᠵᠢᠯᠴᠠᠨ ᠡᠷᠬᠢᠯᠡᠭᠰᠡᠡ ᠪᠦᠬᠦ ᠣᠷᠣᠨ᠎ᠤ《ᠡᠷᠲᠡᠨ ᠡᠳᠦᠭᠡ ᠵᠢᠨ ᠰᠣᠩᠭᠣᠳᠠᠭ ᠵᠣᠬᠢᠶᠠᠯ᠎ᠢ ᠤᠩᠰᠢᠵᠤ ᠳᠤᠮᠳᠠᠳᠤ ᠵᠢᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ》 ᠰᠣᠯᠢᠯᠴᠠᠭ᠋ᠠᠨ᠎ᠤ ᠠᠵᠢᠯᠯᠠᠭ᠎ᠠ ᠵᠢᠴᠢ 《ᠨᠠᠮ᠎ᠤᠨ ᠠᠴᠢ ᠵᠢ ᠮᠠᠭᠲᠠᠨ ᠳᠠᠭᠤᠯᠠᠵᠤ ᠡᠬᠡ ᠤᠯᠤᠰ ᠵᠶ᠋ᠠᠨ ᠬᠠᠢ᠌ᠷᠠᠯᠠᠵᠤ ᠨᠤᠲᠤᠭ ᠤᠰᠤ᠎ᠪᠠᠨ ᠮᠠᠭᠲᠠᠨ ᠰᠠᠢ᠌ᠰᠢᠶᠠᠶ᠎ᠠ》ᠠᠷᠪᠠᠳᠤᠭ᠋ᠠᠷ ᠬᠤᠭᠤᠴᠠᠭ᠋ᠠᠨ᠎ᠤ ᠪᠦᠬᠦ ᠣᠷᠣᠨ᠎ᠤ ᠪᠠᠭ᠋ᠠᠴᠤᠳ ᠬᠡᠦᠬᠡᠳ᠎ᠤᠨ ᠰᠢᠯᠦᠭ ᠤᠶᠠᠩᠭ᠋ᠠᠯᠠᠯ᠎ᠤᠨ ᠠᠵᠢᠯᠯᠠᠭ᠎ᠠ 2025 ᠣᠨ᠎ᠤ 8 ᠳ᠋ᠤᠭ᠋ᠠᠷ ᠰᠠᠷ᠎ᠠ ᠵᠢᠨ 16 — 17 ᠎ᠤ ᠡᠳᠦᠷ ᠤᠯᠠᠭ᠋ᠠᠨᠬᠠᠳᠠ ᠬᠤᠳᠠ ᠵᠢᠨ ᠬᠠᠮ ᠵᠠᠭᠤᠴᠢᠯᠠᠭᠤᠷ᠎ᠤᠨ ᠲᠥᠪ᠎ᠲᠤ ᠶᠠᠪᠤᠭᠳᠠᠪᠠ᠃

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠨᠣᠮ᠎ᠤᠨ ᠰᠠᠩ
          
ᠬᠠᠮᠢᠶ᠎ᠡ ᠪᠦᠬᠦᠢ ᠰᠣᠨᠢᠨ
 
            