8 ᠳ᠋ᠤᠭ᠋ᠠᠷ ᠰᠠᠷ᠎ᠠ ᠵᠢᠨ 8᠎ᠤ ᠣᠷᠣᠢ᠂ ᠤᠯᠠᠭ᠋ᠠᠨᠴᠠᠪ ᠬᠣᠲᠠ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ 《ᠲᠠᠯ᠎ᠠ ᠨᠤᠲᠤᠭ᠎ᠤᠨ ᠠᠶᠠᠯᠠᠯ》᠎ᠤᠨ ᠨᠠᠭ᠋ᠠᠳᠤᠮ ᠳᠥᠷᠪᠡᠳ ᠬᠣᠰᠢᠭᠤᠨ᠎ᠤ ᠭᠡᠭᠡᠨ ᠲᠠᠯ᠎ᠠ ᠵᠢᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠦᠵᠡᠮᠵᠢ ᠵᠢᠨ ᠣᠷᠣᠨ᠎ᠳᠤ ᠬᠡᠷᠡᠯ ᠰᠠᠴᠤᠷᠠᠩᠭᠤᠢ ᠡᠬᠢᠯᠡᠪᠡ᠃ ᠲᠤᠰ ᠬᠤᠭᠤᠴᠠᠭ᠋ᠠᠨ᠎ᠤ ᠨᠠᠭ᠋ᠠᠳᠤᠮ᠎ᠤᠨ ᠡᠬᠢᠯᠡᠯᠲᠡ ᠵᠢᠨ ᠶᠣᠰᠣᠯᠠᠯ᠎ᠨᠢ《ᠲᠦᠰᠢᠭᠯᠡᠯᠴᠡᠭᠡ》᠂《ᠶᠠᠷᠢᠯᠴᠠᠭ᠎ᠠ》᠂《ᠬᠠᠮᠲᠤ ᠵᠢᠨ ᠴᠤᠤᠷᠢᠶ᠎ᠠ》᠂《ᠠᠭᠤᠰᠤᠯᠴᠠᠯ》᠂《ᠬᠠᠮᠲᠤ ᠵᠢᠨ ᠰᠠᠴᠤᠷᠠᠭ᠎ᠠ》ᠵᠡᠷᠭᠡ ᠲᠠᠪᠤᠨ ᠬᠡᠰᠡᠭ ᠵᠶ᠋ᠡᠷ ᠪᠦᠷᠢᠯᠳᠦᠵᠦ᠂ ᠬᠥᠭᠵᠢᠮᠳᠡᠭᠦᠷ᠂ ᠳᠠᠭᠤᠤ ᠪᠥᠵᠢᠭ ᠵᠡᠷᠭᠡ ᠲᠣᠭᠯᠠᠯᠲᠠ ᠵᠢ ᠡᠭᠡᠯᠵᠢᠯᠡᠨ ᠲᠣᠭᠯᠠᠵᠤ᠂ ᠲᠦᠮᠡ ᠭᠠᠷᠤᠢ ᠵᠢᠭᠤᠯᠴᠢᠯᠠᠭᠴᠢᠳ ᠲᠠᠯ᠎ᠠ ᠨᠤᠲᠤᠭ᠎ᠤᠨ ᠦᠪᠡᠳᠡᠭᠰᠢ ᠨᠠᠢ᠌ᠷ᠎ᠲᠤ ᠤᠷᠤᠯᠴᠠᠪᠠ᠃