ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠮᠤᠨᠢ ᠠᠭᠤᠯᠠ ᠵᠢ ᠳᠠᠪᠠᠬᠤ᠎ᠨᠢ》 ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭ᠎ᠤᠨ ᠬᠦᠭᠵᠢᠯᠲᠡ ᠵᠢᠨ ᠦᠢ᠍ᠯᠡᠳᠦᠯᠭᠡ ᠪᠠ ᠰᠡᠩᠬᠡᠷᠡᠭᠦᠯᠦᠯ
ᠨᠡᠶᠢᠲᠡᠯᠡᠭᠰᠡᠨ ᠴᠠᠭ᠄ 2025-09-07

《ᠰᠣᠶᠣᠯ ᠵᠢᠭᠤᠯᠴᠢᠯᠠᠯ᠎ᠤᠨ ᠡᠯᠡᠰᠦᠨ ᠴᠦᠯ》᠎ᠠᠴᠠ 《ᠦᠵᠡᠭᠳᠡᠯ᠎ᠤᠨ ᠲᠠᠰ᠎ᠤᠨ IP》 ᠪᠣᠯᠲᠠᠯ᠎ᠠ ᠪᠠᠶᠠᠨᠨᠠᠭᠤᠷ ᠬᠤᠲᠠ ᠶᠡᠷᠦᠩᠬᠡᠶ ᠱᠦᠵᠢ ᠰᠢ᠎ᠵᠢᠨ᠎ᠫᠢᠩ᠎ᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠶ᠋ᠢᠭᠤᠯᠤᠯᠲᠠ ᠵᠢ ᠳᠡᠭᠡᠭᠰᠢᠯᠡᠭᠦᠯᠬᠦ ᠠᠵᠢᠯᠯᠠᠭ᠎ᠠ᠎ᠲᠠᠢ ᠨᠢᠭᠲᠠ ᠤᠶᠠᠯᠳᠤᠭᠤᠯᠤᠨ᠂ 《ᠭᠤᠷᠪᠠ ᠵᠢ ᠵᠢᠭᠡᠯᠡᠵᠦ ᠭᠤᠷᠪᠠ ᠵᠢ ᠬᠤᠪᠢᠷᠠᠭᠤᠯᠬᠤ》 ᠬᠥᠭᠵᠢᠯᠲᠡ ᠵᠢᠨ ᠠᠷᠭ᠎ᠠ ᠵᠠᠮ ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂ 《ᠮᠤᠨᠢ ᠠᠭᠤᠯᠠ ᠵᠢ ᠳᠠᠪᠠᠬᠤ᠎ᠨᠢ》 ᠰᠣᠶᠣᠯ ᠵᠢᠭᠤᠯᠴᠢᠯᠠᠯ᠎ᠤᠨ ᠨᠠᠷᠠᠲᠤ ᠲᠡᠮᠳᠡᠭ ᠵᠶ᠋ᠠᠷ ᠰᠢᠪᠲᠤᠯᠤᠯᠲᠠ ᠵᠢᠨ ᠴᠡᠭ ᠪᠣᠯᠭ᠋ᠠᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ 《ᠴᠥᠬᠡᠩᠬᠢ ᠬᠦᠮᠦᠨ》᠎ᠠᠴᠠ 《ᠣᠯᠠᠨ ᠲᠦᠮᠡᠨ ᠬᠠᠮᠲᠤ᠎ᠪᠠᠷ ᠭᠥᠷᠳᠡᠬᠦ》᠂ 《ᠵᠠᠮ ᠳᠡᠭᠡᠷᠡᠬᠢ ᠤᠯᠠᠭ᠎ᠠ》᠎ᠠᠴᠠ 《ᠣᠶᠤᠨ ᠰᠠᠨᠠᠭ᠋ᠠᠨ᠎ᠤ ᠵᠤᠷᠢᠯᠲᠠ ᠭᠠᠵᠠᠷ》 ᠲᠡᠢ᠌ᠰᠢᠬᠢ ᠳᠠᠪᠠᠯᠲᠠ ᠵᠢ ᠪᠡᠶᠡᠯᠡᠭᠦᠯᠬᠦ ᠵᠢ ᠠᠬᠢᠭᠤᠯᠪᠠ᠃

2025 ᠣᠨ᠎ᠤ ᠳᠡᠭᠡᠷ᠎ᠡ ᠬᠠᠭ᠋ᠠᠰ ᠵᠢᠯ᠎ᠳᠤ᠂ ᠪᠥᠬᠦ ᠬᠤᠲᠠ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 1048.47 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 15.5%᠎ᠪᠠᠷ ᠨᠡᠮᠡᠭᠳᠡᠪᠡ᠃ 《ᠮᠤᠨᠢ ᠠᠭᠤᠯᠠ ᠵᠢ ᠳᠠᠪᠠᠬᠤ᠎ᠨᠢ》 ᠥᠪᠡᠷ ᠵᠶ᠋ᠠᠨ ᠲᠡᠷᠭᠡ ᠵᠢᠯᠣᠭᠤᠳᠬᠤ ᠠᠵᠢᠯᠯᠠᠭ᠎ᠠ ᠪᠥᠬᠦ ᠤᠯᠤᠰ᠎ᠤᠨ ᠵᠢᠭᠤᠯᠴᠢᠯᠠᠭᠴᠢᠳ᠎ᠢ 16 ᠲᠦᠮᠡ ᠭᠠᠷᠤᠶ ᠬᠥᠮᠦᠨ ᠤᠳᠠᠭ᠎ᠠ ᠭᠥᠯᠢᠶᠡᠨ ᠠᠪᠴᠤ᠂ 6.5 ᠲᠦᠮᠡ ᠭᠠᠷᠤᠶ ᠲᠡᠷᠭᠡ ᠬᠥᠰᠬᠡ ᠵᠢ ᠭᠥᠯᠢᠶᠡᠨ ᠠᠪᠴᠤ᠂ ᠨᠠᠷᠠᠲᠤ ᠲᠡᠮᠳᠡᠭᠲᠦ ᠵᠢ ᠪᠥᠬᠦ ᠰᠦᠯᠵᠢᠶ᠎ᠡ᠎ᠪᠠᠷ 3 ᠳ᠋ᠦᠩᠰᠢᠭᠤᠷ ᠤᠳᠠᠭ᠎ᠠ ᠨᠡᠶ᠋ᠢᠲᠡᠯᠡᠵᠦ᠂ 《ᠭᠠᠵᠠᠷ ᠵᠦᠶ ᠵᠢᠨ ᠪᠠᠶ᠋ᠢᠷᠢᠰᠢᠯ》᠎ᠠᠴᠠ 《ᠰᠣᠶᠣᠯ᠎ᠤᠨ ᠲᠡᠮᠳᠡᠭ》 ᠬᠦᠷᠲᠡᠯ᠎ᠡ᠂ 《ᠤᠷᠤᠰᠬᠠᠯ᠎ᠤᠨ ᠡᠭᠦᠳᠡ》᠎ᠠᠴᠠ 《ᠠᠵᠤ ᠦᠢ᠍ᠯᠡᠰ᠎ᠤᠨ ᠠᠮᠢ ᠠᠬᠤᠶ》 ᠬᠦᠷᠲᠡᠯᠡᠬᠢ ᠬᠤᠪᠢᠷᠠᠯᠲᠠ ᠵᠢ ᠪᠡᠶᠡᠯᠡᠭᠦᠯᠵᠦ᠂ ᠬᠢᠯᠢ ᠬᠢᠵᠠᠭ᠋ᠠᠷ ᠣᠷᠣᠨ᠎ᠤ ᠰᠣᠶᠣᠯ ᠵᠢᠭᠤᠯᠴᠢᠯᠠᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ 《ᠪᠠᠶᠠᠨᠨᠠᠭᠤᠷ᠎ᠤᠨ ᠥᠯᠢᠭᠡᠷ ᠬᠡᠪ》᠎ᠢ ᠬᠠᠩᠭ᠋ᠠᠭᠰᠠᠨ ᠪᠠᠶ᠋ᠢᠨ᠎ᠠ᠃

ᠢᠷᠡᠯᠲᠡ᠄ 《ᠦᠢ᠍ᠯᠡᠳᠦᠯᠭᠡ》
          
ᠬᠠᠮᠢᠶ᠎ᠡ ᠪᠦᠬᠦᠢ ᠰᠣᠨᠢᠨ
 
            