8 ᠳ᠋ᠤᠭ᠋ᠠᠷ ᠰᠠᠷ᠎ᠠ ᠵᠢᠨ 17 ᠤ ᠡᠳᠦᠷ᠂ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠦᠪᠡᠷ ᠵᠶ᠋ᠡᠨ ᠮᠠᠰᠢᠨ ᠵᠢᠯᠤᠭᠤᠳᠴᠤ ᠬᠡᠭᠡᠷ᠎ᠡ ᠪᠠᠭᠤᠳᠠᠯᠯᠠᠬᠤ ᠵᠢᠭᠤᠯᠴᠢᠯᠠᠯ᠎ᠤᠨ ᠬᠥᠭᠵᠢᠯᠲᠡ ᠵᠢᠨ ᠶᠡᠬᠡ ᠬᠤᠷᠠᠯ ᠵᠢᠴᠢ ᠬᠣᠶᠠᠳᠤᠭ᠋ᠠᠷ ᠬᠤᠭᠤᠴᠠᠭ᠋ᠠᠨ᠎ᠤ 《ᠳᠤᠮᠳᠠᠳᠤ ᠤᠯᠤᠰ᠎ᠤᠨ ᠵᠠᠮ· ᠠᠯᠠᠱ᠌ᠠ ᠤᠷᠤᠭᠤ ᠵᠢᠨ ᠠᠶᠠᠯᠠᠯᠯ》 ᠠᠯᠠᠱ᠌ᠠ ᠠᠢ᠌ᠮᠠᠭ᠎ᠤᠨ ᠦᠪᠡᠷ ᠵᠶ᠋ᠡᠨ ᠮᠠᠰᠢᠨ ᠵᠢᠯᠤᠭᠤᠳᠴᠤ ᠵᠢᠭᠤᠯᠴᠢᠯᠠᠬᠤ ᠭᠣᠣᠯ ᠰᠡᠳᠦᠪᠲᠦ ᠠᠵᠢᠯᠯᠠᠭ᠎ᠠ ᠠᠯᠠᠱ᠌ᠠ ᠠᠢ᠌ᠮᠠᠭ᠎ᠤᠨ ᠮᠸᠩ ᠰᠢᠶᠠᠩ ᠡᠯᠡᠰᠦᠨ ᠴᠦᠯ᠎ᠤᠨ ᠮᠠᠰᠢᠨ ᠲᠡᠷᠭᠡ ᠰᠠᠨᠰᠠᠷ᠎ᠤᠨ ᠠᠶᠠᠯᠠᠯ᠎ᠤᠨ ᠬᠦᠷᠢᠶᠡᠯᠡᠩ᠎ᠳᠤ ᠶᠠᠪᠤᠭᠳᠠᠪᠠ᠃ ᠪᠡᠭᠡᠵᠢᠩ᠂ ᠱᠠᠩᠬᠠᠢ᠂ ᠲᠢᠶᠠᠨᠵᠢᠨ᠂ ᠬᠤᠨᠠᠨ᠂ ᠬᠠᠷᠠᠮᠥ᠋ᠷᠡᠨ᠂ ᠭᠢᠷᠢᠨ ᠵᠡᠷᠭᠡ 18 ᠮᠤᠵᠢ (ᠣᠷᠣᠨ᠂ ᠬᠣᠲᠠ) ᠵᠢᠨ ᠬᠣᠯᠪᠣᠭᠳᠠᠯ ᠪᠦᠬᠦᠢ ᠮᠠᠰᠢᠨ ᠲᠡᠷᠭᠡᠨ᠎ᠤ ᠠᠵᠤ ᠠᠬᠤᠢ᠌ᠯᠠᠯ᠂ ᠺᠯᠦ᠋ᠪ᠂ ᠪᠠᠭᠤᠴᠠ᠂ ᠦᠵᠡᠮᠵᠢ ᠵᠢᠨ ᠣᠷᠣᠨ᠂ ᠵᠢᠭᠤᠯᠴᠢᠯᠠᠯ᠎ᠤᠨ ᠭᠠᠵᠠᠷ᠎ᠤᠨ ᠲᠥᠯᠥᠭᠡᠯᠡᠭᠴᠢ ᠵᠢᠴᠢ ᠦᠪᠡᠷ ᠵᠶ᠋ᠡᠨ ᠮᠠᠰᠢᠨ ᠵᠢᠯᠤᠭᠤᠳᠴᠤ ᠬᠡᠭᠡᠷ᠎ᠡ ᠪᠠᠭᠤᠳᠠᠯᠯᠠᠬᠤ ᠵᠢᠭᠤᠯᠴᠢᠯᠠᠭᠴᠢᠳ᠂ ᠵᠢᠭᠤᠯᠴᠢᠯᠠᠨ ᠲᠣᠭᠣᠷᠢᠬᠤ ᠪᠠᠬᠠᠲᠤᠳ ᠡᠡᠳᠡ ᠴᠤᠭᠯᠠᠷᠠᠵᠤ᠂ ᠲᠣᠰ ᠤᠳᠠᠭ᠋ᠠᠨ᠎ᠤ ᠰᠣᠶᠣᠯ ᠵᠢᠭᠤᠯᠴᠢᠯᠠᠯ᠎ᠤᠨ ᠦᠪᠡᠳᠡᠭᠰᠢ ᠴᠤᠭᠯᠠᠭ᠋ᠠᠨ᠎ᠳᠤ ᠬᠠᠮᠲᠤ᠎ᠪᠠᠷ ᠣᠷᠣᠯᠴᠠᠪᠠ᠃