2025 ᠣᠨ᠎ᠤ ᠤᠯᠠᠭ᠋ᠠᠨᠴᠠᠪ ᠬᠣᠲᠠ ᠵᠢᠨ ᠠᠷᠪᠠᠨ ᠳᠥᠷᠪᠡᠳᠦᠭᠡᠷ ᠬᠤᠭᠤᠴᠠᠭ᠋ᠠᠨ᠎ᠤ 《ᠲᠠᠯ᠎ᠠ ᠨᠤᠲᠤᠭ᠎ᠤᠨ ᠠᠶᠠᠯᠠᠯ》᠎ᠤᠨ ᠨᠠᠭ᠋ᠠᠳᠤᠮ᠎ᠤᠨ ᠮᠣᠩᠭᠣᠯ ᠮᠣᠷᠢᠨ᠎ᠤ ᠬᠡᠲᠦ ᠲᠠᠰ᠎ᠤᠨ ᠬᠣᠯᠪᠣᠭ᠋ᠠᠲᠤ ᠤᠷᠤᠯᠳᠤᠭ᠋ᠠᠨ 8 ᠳ᠋ᠤᠭ᠋ᠠᠷ ᠰᠠᠷ᠎ᠠ ᠵᠢᠨ 12᠎ᠤᠨ ᠡᠳᠦᠷ ᠦᠨᠲᠦᠷᠯᠡᠪᠡ᠂ 8 ᠳ᠋ᠤᠭ᠋ᠠᠷ ᠰᠠᠷ᠎ᠠ ᠵᠢᠨ 2᠎ᠤᠨ ᠡᠳᠦᠷ᠎ᠠᠴᠠ 12᠎ᠤᠨ ᠡᠳᠦᠷ ᠪᠣᠯᠲᠠᠯ᠎ᠠ ᠦᠷᠭᠦᠯᠵᠢᠯᠡᠭᠰᠡᠨ ᠡᠨᠡ ᠬᠦ᠌ 《ᠠᠶᠠᠯᠭᠤᠲᠤ ᠵᠢᠭᠤᠯᠴᠢᠯᠠᠯ ᠦᠪᠦᠷ ᠮᠤᠩᠭᠤᠯ ᠲᠠᠯ᠎ᠠ ᠨᠤᠲᠤᠭ᠎ᠤᠨ ᠪᠣᠯᠵᠤᠭ᠋ᠠᠲᠤ ᠨᠠᠭ᠋ᠠᠳᠤᠮ》 ᠵᠶ᠋ᠠᠷ ᠭᠣᠣᠯ ᠰᠡᠳᠦᠪ ᠪᠣᠯᠭ᠋ᠠᠭᠰᠠᠨ ᠲᠠᠯ᠎ᠠ ᠨᠤᠲᠤᠭ᠎ᠤᠨ ᠦᠪᠡᠳᠡᠭᠰᠢ ᠨᠠᠢ᠌ᠷ᠎ᠨᠢ ᠳᠥᠷᠪᠡᠳ ᠬᠣᠰᠢᠭᠤᠨ᠎ᠤ ᠥᠷᠭᠡᠨ ᠠᠭᠤᠳᠠᠮ ᠲᠠᠯ᠎ᠠ ᠨᠤᠲᠤᠭ ᠲᠤ ᠤᠯᠠᠮᠵᠢᠯᠠᠯ ᠪᠠ ᠣᠲᠣ ᠦᠶ᠎ᠡ᠂ ᠪᠡᠶ᠎ᠡ ᠵᠢᠨ ᠲᠠᠮᠢᠷ ᠪᠠ ᠰᠣᠶᠣᠯ᠎ᠤᠨ ᠠᠭᠤᠰᠤᠯᠴᠠᠯ᠎ᠢ ᠪᠦᠷᠢᠨ ᠭᠦᠢ᠍ᠴᠡᠳ ᠲᠡᠯᠭᠡᠭᠰᠡᠨ ᠪᠠᠢ᠌ᠨ᠎ᠠ᠃ 11 ᠡᠳᠦᠷ᠎ᠤᠨ ᠬᠤᠭᠤᠴᠠᠭ᠋ᠠᠨ᠎ᠳᠤ ᠬᠡᠳᠦᠨ ᠲᠦᠮᠡᠨ ᠵᠢᠭᠤᠯᠴᠢᠯᠠᠭᠴᠢᠳ ᠡᠨᠡ ᠬᠦ᠌ ᠲᠠᠯ᠎ᠠ ᠨᠤᠲᠤᠭ᠎ᠲᠤ ᠬᠦᠷᠦᠯᠴᠡᠨ ᠢᠷᠡᠵᠦ᠂ ᠳᠠᠪᠬᠢᠵᠤ ᠪᠠᠢ᠌ᠭ᠎ᠠ ᠮᠣᠷᠢᠨ ᠲᠤᠭᠤᠷᠠᠢ ᠵᠢᠨ ᠲᠠᠭᠤᠨ᠂ ᠢᠷᠠᠭᠤ ᠰᠠᠢ᠌ᠬᠠᠨ ᠮᠠᠯᠴᠢᠨ᠎ᠤ ᠳᠠᠭᠤᠤ ᠪᠣᠯᠣᠨ ᠤᠷᠠᠢ᠌ᠯᠠᠯᠤᠨ ᠲᠠᠭᠤᠨ ᠳᠤᠮᠳᠠ᠎ᠠᠴᠠ ᠤᠮᠠᠷᠠᠲᠤ ᠬᠢᠯᠢ ᠵᠢᠨ ᠰᠣᠶᠣᠯ᠎ᠤᠨ ᠣᠷᠭᠢᠯᠤᠮ᠎ᠠ ᠬᠠᠯᠠᠭᠤᠨ ᠰᠤᠳᠠᠯ᠎ᠤᠨ ᠯᠤᠭᠰᠢᠯᠲᠠ ᠵᠢ ᠪᠠᠬᠠᠷᠬᠠᠨ ᠮᠡᠳᠡᠷᠡᠵᠦ᠂ 《ᠲᠠᠯ᠎ᠠ ᠨᠤᠲᠤᠭ᠎ᠤᠨ ᠵᠤᠰᠠᠯᠠᠩ᠎ᠤᠨ ᠬᠤᠳᠠ》 ᠵᠢᠨ ᠥᠪᠡᠷᠮᠢᠴᠡ ᠵᠤᠨ᠎ᠤ ᠡᠳᠦᠷ᠎ᠤᠨ ᠣᠷᠭᠢᠯᠤᠮ᠎ᠠ ᠬᠠᠯᠠᠭᠤᠨ ᠰᠡᠳᠬᠢᠯᠭᠡ ᠵᠢ ᠤᠢ᠌ᠯᠠᠭ᠋ᠠᠪᠠ᠃ ᠲᠣᠰ ᠬᠤᠭᠤᠴᠠᠭ᠋ᠠᠨ᠎ᠤ ᠨᠠᠭ᠋ᠠᠳᠤᠮ᠎ᠨᠢ 《ᠠᠶᠠᠯᠭᠤᠲᠤ ᠵᠢᠭᠤᠯᠴᠢᠯᠠᠯ ᠦᠪᠦᠷ ᠮᠤᠩᠭᠤᠯ ᠲᠠᠯ᠎ᠠ ᠨᠤᠲᠤᠭ᠎ᠤᠨ ᠪᠣᠯᠵᠤᠭ᠋ᠠᠲᠤ ᠨᠠᠭ᠋ᠠᠳᠤᠮ》 ᠵᠶ᠋ᠠᠷ ᠭᠣᠣᠯ ᠰᠡᠳᠦᠪ ᠪᠣᠯᠭ᠋ᠠᠵᠤ᠂ 《ᠤᠮᠠᠷᠠᠲᠤ ᠬᠢᠯᠢ ᠵᠢᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ᠂ ᠣᠲᠣ ᠦᠶ᠎ᠡ ᠵᠢᠨ ᠪᠣᠯᠪᠠᠰᠤᠨ᠎ᠢ ᠬᠠᠮᠲᠤ᠎ᠪᠠᠷ ᠠᠭᠤᠰᠤᠯᠴᠠᠭᠤᠯᠬᠤ》 ᠣᠢ᠌ᠯᠠᠭ᠋ᠠᠭᠳᠠᠬᠤᠨ᠎ᠢ ᠪᠠᠷᠢᠮᠲᠠᠯᠠᠨ᠂ ᠠᠯᠢ ᠣᠯᠠᠨ ᠪᠠᠶᠠᠯᠢᠭ ᠰᠠᠢ᠌ᠬᠠᠨ ᠠᠵᠢᠯᠯᠠᠭ᠎ᠠ᠎ᠪᠠᠷ ᠳᠠᠮᠵᠢᠭᠤᠯᠤᠨ᠂ ᠤᠮᠠᠷᠠᠲᠤ ᠬᠢᠯᠢ ᠵᠢᠨ ᠰᠣᠶᠣᠯ᠎ᠤᠨ ᠣᠨᠴᠠᠯᠢᠭ᠎ᠢ ᠰᠢᠰᠲ᠋ᠧᠮ᠎ᠲᠠᠢ ᠳᠡᠯᠭᠡᠨ ᠦᠵᠡᠭᠦᠯᠵᠦ᠂ ᠤᠯᠠᠭ᠋ᠠᠨᠴᠠᠪ ᠬᠤᠲᠠ ᠵᠢᠨ 《ᠲᠠᠯ᠎ᠠ ᠨᠤᠲᠤᠭ᠎ᠤᠨ ᠵᠤᠰᠠᠯᠠᠩ᠎ᠤᠨ ᠬᠣᠲᠠ》 ᠵᠢᠨ ᠠᠯᠳᠠᠷ ᠨᠡᠷ᠎ᠡ ᠵᠢ ᠳᠠᠭᠤᠷᠢᠰᠤᠭᠤᠯᠬᠤ ᠵᠢ ᠲᠦᠯᠬᠢᠨ ᠠᠬᠢᠭᠤᠯᠪᠠ᠃ ᠡᠬᠢᠯᠡᠯᠲᠡ ᠵᠢᠨ ᠶᠣᠰᠣᠯᠠᠯ ᠳᠡᠭᠡᠷ᠎ᠡ᠂ ᠥᠷᠭᠡᠨ ᠠᠭᠤᠳᠠᠮ ᠭᠡᠭᠡᠨ ᠲᠠᠯ᠎ᠠ ᠵᠢᠨ ᠲᠠᠯ᠎ᠠ ᠨᠤᠲᠤᠭ᠎ᠨᠢ ᠰᠣᠶᠣᠯ᠎ᠤᠨ ᠠᠭᠤᠰᠤᠯᠴᠠᠯ᠎ᠤᠨ ᠠᠤᠭ᠎ᠠ ᠶᠡᠬᠡ ᠲᠠᠪᠴᠠᠩ ᠪᠤᠯᠵᠤ᠂ 《ᠴᠠᠭ ᠬᠤᠭᠤᠴᠠᠭ᠎ᠠ ᠪᠠ ᠣᠷᠣᠨ ᠵᠠᠢ ᠵᠢᠨ ᠠᠭᠤᠰᠤᠯᠴᠠᠯ᠎ᠤᠨ ᠬᠡᠯᠪᠡᠷᠢ》ᠵᠢᠨ ᠲᠠᠯᠠᠪᠠᠢ᠎ᠳᠤ ᠣᠷᠣᠬᠤ ᠶᠣᠰᠣᠯᠠᠯ ᠪᠠ《ᠤᠯᠠᠨ ᠡᠰᠢᠲᠦ ᠤᠷᠠᠯᠢᠭ᠎ᠢ ᠤᠶᠠᠯᠳᠤᠭᠤᠯᠬᠤ》ᠲᠣᠭᠯᠠᠯᠲᠠ ᠵᠢᠨ ᠵᠢᠭᠰᠠᠭ᠋ᠠᠯ᠎ᠨᠢ ᠤᠯᠠᠭ᠋ᠠᠨᠴᠠᠪ᠎ᠤᠨ《ᠡᠷᠲᠡᠨ ᠡᠳᠦᠭᠡᠬᠢ ᠵᠢ ᠠᠭᠤᠰᠤᠯᠴᠠᠭᠤᠯᠤᠭᠰᠠᠨ᠂ ᠨᠡᠭᠡᠭᠡᠯᠲᠡᠲᠡᠢ ᠪᠠᠭᠲᠠᠭ᠋ᠠᠮᠵᠢᠲᠠᠢ》ᠰᠣᠶᠣᠯ᠎ᠤᠨ ᠬᠡᠪ ᠨᠠᠮᠪᠠ ᠵᠢ ᠠᠮᠢᠳᠤᠯᠢᠭ ᠵᠶ᠋ᠠᠷ ᠲᠠᠢ᠌ᠯᠪᠤᠷᠢᠯᠠᠵᠠᠢ᠃