ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠬᠡᠬᠡᠷ᠎ᠡ ᠵᠢᠨ ᠪᠠᠢ᠌ᠴᠠᠭ᠋ᠠᠯᠲᠠ ᠵᠢᠨ ᠬᠤᠭᠤᠴᠠᠭ᠋ᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ ᠬᠢᠭᠡᠳ ᠤᠯᠠᠭ᠋ᠠᠨᠴᠠᠪ ᠬᠤᠲᠠ ᠵᠢᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠰᠠᠯᠠᠭ᠎ᠠ ᠮᠥᠴᠢᠷ ᠬᠠᠮᠲᠤᠷᠠᠨ ᠪᠦᠷᠢᠯᠳᠦᠭᠰᠡᠨ ᠨᠡᠶ᠋ᠢᠳᠡᠮ ᠪᠠᠶ᠋ᠢᠴᠠᠭ᠋ᠠᠯᠲᠠ ᠵᠢᠨ ᠠᠩᠭᠢ ᠤᠯᠠᠭ᠋ᠠᠨᠴᠠᠪ ᠬᠤᠲᠠ ᠵᠢᠨ ᠬᠢᠯᠢ ᠳᠣᠲᠣᠷᠠᠬᠢ ᠳᠣᠪᠣᠷᠬᠠᠭ ᠲᠠᠯ᠎ᠠ ᠨᠤᠲᠤᠭ᠎ᠤᠨ ᠭᠠᠵᠠᠷ᠎ᠲᠤ ᠬᠢᠲᠠᠳ ᠦᠰᠦᠭ᠎ᠲᠠᠢ ᠴᠢᠯᠠᠭᠤᠨ ᠰᠡᠶ᠋ᠢᠯᠦᠮᠡᠯᠢ ᠰᠢᠨ᠎ᠡ᠎ᠪᠠᠷ ᠢᠯᠡᠷᠡᠭᠦᠯᠪᠡ᠃ ᠡᠨᠡ ᠴᠢᠯᠠᠭᠤᠨ ᠰᠡᠶ᠋ᠢᠯᠦᠮᠡᠯ᠎ᠤᠨ ᠳᠡᠭᠡᠷ᠎ᠡ᠎ᠨᠢ 《ᠬᠠᠭ᠋ᠠᠨ᠎ᠤ ᠤᠮᠠᠷᠠᠰᠢ ᠴᠠᠭᠳᠠᠨ ᠪᠠᠢ᠌ᠴᠠᠭ᠋ᠠᠭᠰᠠᠨ ᠬᠦᠰᠢᠶ᠎ᠠ》 ᠭᠡᠰᠡᠨ ᠭᠤᠷ ᠪᠢᠴᠢᠭ ᠪᠠᠶ᠋ᠢᠳᠠᠭ᠃
ᠣᠳᠣᠬᠠᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ ᠨᠢᠭᠡᠨᠲᠡ 《ᠤᠮᠠᠷᠠᠰᠢ ᠴᠠᠭᠳᠠᠨ ᠪᠠᠢ᠌ᠴᠠᠭ᠋ᠠᠭᠰᠠᠨ ᠬᠥᠰᠢᠶ᠎ᠡ》᠎ᠳᠤ ᠲᠤᠭ᠋ᠠᠵᠢᠭᠤᠯᠤᠭᠰᠠᠨ ᠰᠢᠷᠪᠢᠯᠲᠡ ᠪᠠ ᠬᠠᠭᠤᠯᠪᠤᠷᠢ᠎ᠲᠠᠢ ᠲᠡᠮᠳᠡᠭᠯᠡᠯ ᠬᠢᠵᠦ᠂ ᠶᠠᠭ ᠲᠤᠰᠬᠠᠶ ᠮᠡᠷᠭᠡᠵᠢᠯᠲᠡᠨ᠎ᠢ ᠵᠣᠬᠢᠶᠠᠨ ᠪᠠᠶ᠋ᠢᠭᠤᠯᠤᠨ ᠲᠤᠬᠠᠶ ᠵᠢᠨ ᠭᠠᠵᠠᠷ᠎ᠲᠤᠨᠢ ᠪᠠᠶ᠋ᠢᠴᠠᠭ᠋ᠠᠨ ᠰᠤᠳᠤᠯᠤᠯᠲᠠ ᠪᠠ ᠨᠤᠲᠠᠯᠠᠯᠲᠠ ᠬᠢᠵᠦ ᠪᠠᠶ᠋ᠢᠬᠤ ᠪᠥᠭᠡᠳ ᠬᠥᠰᠢᠶᠡᠨ᠎ᠤ ᠪᠢᠴᠢᠭᠡᠰᠦᠳᠤ ᠬᠠᠮᠢᠶ᠎ᠠ ᠪᠥᠬᠦᠶ ᠡᠷᠳᠡᠮ ᠰᠢᠨᠵᠢᠯᠡᠭᠡᠨ᠎ᠤ ᠰᠤᠳᠤᠯᠭ᠋ᠠᠨ ᠪᠠ ᠬᠢᠨᠠᠨ ᠲᠣᠭᠲᠠᠭ᠋ᠠᠯᠲᠠ ᠬᠢᠵᠦ ᠪᠠᠶ᠋ᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠭᠤᠴᠢ ᠰᠤᠳᠤᠯᠤᠯ᠎ᠤᠨ ᠰᠤᠳᠤᠯᠭ᠋ᠠᠨ᠎ᠤ ᠬᠦᠷᠢᠶᠡᠯᠡᠩ᠎ᠨᠢ ᠨᠡᠢ᠌ᠭᠡᠮ ᠪᠠ ᠡᠷᠳᠡᠮ ᠰᠢᠨᠵᠢᠯᠡᠭᠡᠨᠤᠬᠢᠨᠳᠤ ᠠᠯᠢ ᠲᠦᠷᠭᠡᠨ ᠵᠶ᠋ᠠᠷ ᠬᠠᠷᠢᠭᠤᠯᠲᠠ ᠦᠭᠬᠦ᠎ᠪᠠᠷ ᠪᠠᠢ᠌ᠨ᠎ᠠ᠂ ᠥᠪᠥᠷ ᠮᠣᠩᠭᠣᠯ᠎ᠤᠨ ᠬᠠᠭᠤᠴᠢ ᠰᠤᠳᠤᠯᠤᠯ᠎ᠤᠨ ᠦᠢ᠍ᠯᠡᠰ᠎ᠤᠨ ᠬᠥᠭᠵᠢᠯᠲᠡ᠎ᠨᠢ ᠨᠥᠬᠥᠳ ᠨᠠᠷ᠎ᠤᠨ ᠠᠩᠬᠠᠷᠤᠯ᠎ᠠᠴᠠ ᠰᠠᠯᠵᠤ ᠴᠢᠳᠠᠬᠤ ᠦᠭᠡᠢ ᠶᠤᠮ᠃
《ᠤᠮᠠᠷᠠᠰᠢ ᠴᠠᠭᠳᠠᠨ ᠪᠠᠢ᠌ᠴᠠᠭ᠋ᠠᠭᠰᠠᠨ ᠬᠥᠰᠢᠶ᠎ᠡ》᠎ᠨᠢ ᠤᠮᠠᠷᠠᠳᠤ ᠸᠧᠢ ᠵᠢᠨ ᠦᠶ᠎ᠡ ᠵᠢᠨ ᠬᠢᠯᠢ ᠬᠢᠵᠠᠭ᠋ᠠᠷ᠎ᠤᠨ ᠵᠠᠰᠠᠯᠲᠠ ᠪᠣᠯᠤᠨ ᠰᠤᠶᠤᠯ᠎ᠤᠨ ᠰᠣᠯᠢᠯᠴᠠᠭ᠎ᠠ ᠵᠢ ᠰᠤᠳᠤᠯᠬᠤ᠎ᠳᠤ ᠣᠷᠣᠯᠠᠭᠤᠯᠵᠤ ᠪᠣᠯᠣᠰᠢ ᠦᠭᠡᠢ ᠦᠨ᠎ᠡ ᠥᠷᠲᠡᠭ᠎ᠲᠠᠢ ᠶᠤᠮ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠠᠭ᠋ᠠᠯᠠᠯᠲᠠ ᠵᠢᠨ ᠲᠥᠰᠦᠯ᠎ᠢ ᠡᠩ ᠲᠡᠷᠢᠭᠦᠨ᠎ᠳᠤ ᠡᠬᠢᠯᠡᠭᠦᠯᠬᠦ ᠵᠢᠨ ᠬᠠᠮᠲᠤ ᠲᠡᠭᠦᠨ᠎ᠢ ᠤᠯᠤᠰ᠎ᠤᠨ ᠲᠠᠰ᠎ᠤᠨ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠬᠤ ᠵᠢ ᠢᠳᠡᠪᠬᠢᠲᠡᠶ ᠠᠬᠢᠭᠤᠯᠤᠨ᠎ᠠ᠃