ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ᠂ ᠵᠡᠭᠡᠯᠢ ᠲᠣᠭᠣᠷᠢᠭ᠎ᠤᠨ ᠠᠩᠬᠠᠳᠠᠭᠴᠢ ᠤᠳᠠᠭ᠋ᠠᠨ᠎ᠤ ᠨᠡᠷᠡᠰ᠎ᠢ ᠨᠡᠢ᠌ᠲᠡᠯᠡᠪᠡ
ᠨᠡᠶᠢᠲᠡᠯᠡᠭᠰᠡᠨ ᠴᠠᠭ᠄ 2023-08-13

      ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ 《ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠢ ᠰᠠᠨᠠᠯ》 ᠪᠠ ᠥᠪᠡᠷᠲᠡᠭᠡᠨ ᠵᠠᠰᠠᠬᠤ ᠣᠷᠣᠨ᠎ᠤ 2023 ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠲᠤᠳᠤᠷᠬᠠᠢ᠌ᠯᠠᠭᠰᠠᠨ 《ᠨᠢᠭᠡ ᠪᠦᠯᠦᠭ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ᠂ ᠵᠡᠭᠡᠯᠢ ᠲᠣᠭᠣᠷᠢᠭ᠎ᠢ ᠪᠤᠶ ᠪᠣᠯᠭ᠋ᠠᠬᠤ》 ᠡᠭᠦᠷᠭᠡ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮ᠎ᠤᠨ ᠴᠢᠨᠠᠷᠲᠠᠢ ᠬᠠᠮᠠᠭ᠋ᠠᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠥᠪᠥᠷ ᠮᠣᠩᠭᠣᠯ ᠣᠷᠣᠨ᠎ᠤ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ ᠪᠠ ᠵᠢᠭᠤᠯᠴᠢᠯᠠᠯ᠎ᠢ ᠳᠡᠭᠡᠳᠦ ᠬᠡᠮᠵᠢᠶ᠎ᠡ᠎ᠪᠠᠷ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ᠂ ᠵᠡᠭᠡᠯᠢ ᠲᠣᠭᠣᠷᠢᠭ᠎ᠢ ᠡᠭᠦᠳᠦᠨ ᠪᠠᠢ᠌ᠭᠤᠯᠵᠤ ᠰᠢᠯᠭ᠋ᠠᠷᠠᠭᠤᠯᠬᠤ ᠠᠵᠢᠯ᠎ᠢ ᠵᠣᠬᠢᠶᠠᠨ ᠪᠠᠢ᠌ᠭᠤᠯᠵᠤ ᠥᠷᠨᠢᠭᠦᠯᠪᠡ᠃ ᠡᠯ᠎ᠡ ᠭᠠᠵᠠᠷ᠎ᠤᠨ ᠲᠠᠨᠢᠯᠴᠠᠭᠤᠯᠤᠭᠰᠠᠨ ᠮᠡᠳᠡᠭᠦᠯᠦᠯᠲᠡ ᠵᠢᠨ ᠰᠠᠭᠤᠷᠢᠨ ᠳᠡᠭᠡᠷ᠎ᠡ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ ᠡᠯᠪᠡᠭ ᠳᠡᠯᠪᠡᠭ᠂ ᠰᠠᠭᠤᠷᠢ ᠲᠥᠬᠦᠭᠡᠷᠦᠮᠵᠢ ᠪᠦᠷᠢᠨ ᠲᠡᠭᠦᠯᠳᠡᠷ᠂ ᠤᠯᠠᠮᠵᠢᠯᠠᠨ ᠵᠠᠯᠭ᠋ᠠᠮᠵᠢᠯᠠᠬᠤ ᠠᠵᠢᠯᠯᠠᠭ᠎ᠠ ᠵᠢᠨ ᠦᠷᠭᠦᠯᠵᠢ ᠵᠢᠨ ᠴᠢᠨᠠᠷᠲᠠᠢ᠂ ᠠᠭᠤᠰᠤᠯᠴᠠᠨ ᠬᠦᠭᠵᠢᠭᠦᠯᠬᠦ ᠦᠷ᠎ᠡ ᠪᠦᠲᠦᠮᠵᠢᠲᠡᠶ ᠰᠢᠯᠭ᠋ᠠᠷᠠᠭᠤᠯᠬᠤ ᠪᠠᠷᠢᠮᠵᠢᠶ᠎ᠠ ᠶᠣᠰᠣᠭ᠋ᠠᠷ᠂ ᠮᠤᠨᠢ ᠠᠭᠤᠯᠠ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠵᠢᠵᠢᠭ ᠪᠠᠯᠭ᠋ᠠᠰᠤ᠂ ᠲᠣᠭᠲᠠᠬᠤ ᠰᠢᠶᠠᠨ᠎ᠤ ᠾᠧ ᠺᠧᠦ ᠲᠣᠰᠬᠣᠨ᠂ ᠴᠢᠩ ᠱᠦᠢ ᠾᠧ ᠰᠢᠶᠠᠨ᠎ᠤ ᠯᠣᠣ ᠨᠢᠦ ᠸᠠᠨ ᠪᠠᠯᠭ᠋ᠠᠰᠤ ᠵᠡᠷᠭᠡ 24 ᠪᠤᠳᠠᠰ᠎ᠤᠨ ᠪᠤᠰᠤ ᠰᠣᠶᠣᠯ᠎ᠤᠨ ᠦᠪ᠎ᠤᠨ ᠣᠨᠴᠠᠯᠢᠭᠲᠤ ᠲᠣᠰᠬᠣᠨ ᠪᠠᠯᠭ᠋ᠠᠰᠤ᠎ᠢ ᠪᠠᠢ᠌ᠭᠤᠯᠵᠤ᠂ ᠪᠤᠭᠤᠮᠳᠠ ᠵᠢᠨ ᠭᠠᠳᠠᠨᠠᠬᠢ ᠬᠠᠭᠤᠴᠢᠨ ᠵᠡᠭᠡᠯᠢ ᠵᠢᠨ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠳ᠋ᠦᠩ ᠾᠧ ᠲᠣᠭᠣᠷᠢᠭ᠎ᠤᠨ ᠴᠢᠶᠣᠤ ᠵᠢᠶᠠ ᠵᠢᠨ ᠵᠡᠭᠡᠯᠢ ᠵᠢᠨ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠭᠠᠷ ᠤᠷᠠᠯᠠᠯ᠎ᠤᠨ ᠵᠡᠭᠡᠯᠢ ᠵᠡᠷᠭᠡ 11 ᠪᠤᠳᠠᠰ᠎ᠤᠨ ᠪᠤᠰᠤ ᠰᠣᠶᠣᠯ᠎ᠤᠨ ᠦᠪ᠎ᠤᠨ ᠣᠨᠴᠠᠯᠢᠭᠲᠤ ᠵᠡᠭᠡᠯᠢ ᠲᠣᠭᠣᠷᠢᠭ᠎ᠢ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠠᠩᠬᠠᠳᠠᠭᠴᠢ ᠤᠳᠠᠭ᠋ᠠᠨ᠎ᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ᠂ ᠵᠡᠭᠡᠯᠢ ᠲᠣᠭᠣᠷᠢᠭ ᠵᠶ᠋ᠠᠷ ᠲᠣᠭᠲᠠᠭ᠋ᠠᠪᠠ᠃
      ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ᠂ ᠵᠡᠭᠡᠯᠢ ᠲᠣᠭᠣᠷᠢᠭ᠎ᠤᠨ ᠵᠢᠱ᠌ᠢᠶ᠎ᠡ ᠦᠵᠡᠭᠦᠯᠬᠦ ᠴᠡᠭ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠪᠤᠯ ᠥᠪᠥᠷ ᠮᠣᠩᠭᠣᠯ᠎ᠤᠨ ᠰᠢ ᠵᠢᠨ ᠫᠢᠩ ᠶᠡᠷᠦᠩᠬᠡᠢ ᠱᠦᠵᠢ ᠵᠢᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠮᠠᠭ᠋ᠠᠯᠠᠯᠲᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠰᠢᠰᠲ᠋ᠧᠮ᠎ᠤᠨ ᠴᠢᠨᠠᠷᠲᠠᠢ ᠬᠠᠮᠠᠭ᠋ᠠᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠲᠠᠯ᠎ᠠ ᠨᠤᠲᠤᠭ᠂ ᠲᠠᠷᠢᠶᠠᠯᠠᠬᠤ᠂ ᠨᠡᠭᠦᠳᠡᠯ ᠮᠠᠯᠵᠢᠯ ᠵᠡᠷᠭᠡ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠶᠠᠳᠠᠭᠤ᠎ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ᠎ᠢ ᠪᠠᠲᠤᠳᠬᠠᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠦ᠂ ᠠᠵᠢᠯ ᠣᠯᠭᠣᠯᠲᠠ ᠣᠷᠣᠯᠭ᠎ᠠ ᠵᠢᠨ ᠨᠡᠮᠡᠭᠳᠡᠯ᠎ᠢ ᠠᠬᠢᠭᠤᠯᠤᠨ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠦᠢ᠍ᠯᠡᠴᠢᠯᠡᠭᠦᠯᠵᠦ᠂ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠌ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠨᠠᠩ ᠰᠠᠢ᠌ᠲᠤᠷ ᠬᠠᠩᠭ᠋ᠠᠬᠤ ᠴᠢᠬᠤᠯᠠ ᠭᠠᠷᠳᠠᠴᠠ ᠪᠤᠯᠤᠨ᠎ᠠ᠃ ᠳᠠᠷᠠᠭ᠋ᠠᠴᠢ ᠵᠢᠨ ᠠᠯᠬᠤᠮ᠎ᠳᠤ᠂ ᠮᠠᠨ᠎ᠤ ᠲᠢᠩᠬᠢᠮ᠎ᠠᠴᠠ ᠣᠷᠣᠨ ᠪᠦᠰᠡ ᠵᠢᠨ ᠴᠢᠨᠠᠷᠲᠠᠢ ᠪᠦᠬᠦᠯᠢ ᠴᠣᠭᠴᠠ ᠵᠢᠨ ᠬᠠᠮᠠᠭ᠋ᠠᠯᠠᠯᠲᠠ ᠵᠢᠨ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ᠂ ᠲᠤᠬᠠᠢ᠌ᠯᠠᠭᠰᠠᠨ ᠠᠵᠢᠯ᠎ᠤᠨ ᠵᠢᠯᠣᠭᠣᠳᠤᠯᠭ᠎ᠠ ᠪᠠ ᠤᠨᠢᠨ ᠳᠡᠭᠡᠷ᠎ᠡ᠎ᠨᠢ ᠦᠢ᠍ᠯᠡᠴᠢᠯᠡᠬᠦ ᠵᠢ ᠴᠢᠩᠭ᠋ᠠᠳᠬᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠣᠨᠴᠠᠯᠢᠭᠲᠤ ᠲᠣᠰᠬᠣᠨ ᠪᠠᠯᠭ᠋ᠠᠰᠤ᠂ ᠵᠡᠭᠡᠯᠢ ᠲᠣᠭᠣᠷᠢᠭ᠎ᠤᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠠᠬᠢᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠵᠢ ᠡᠭᠦᠳᠬᠦ ᠴᠢᠨᠠᠷᠲᠠᠢ ᠬᠥᠭᠵᠢᠯᠲᠡ ᠵᠢ ᠠᠬᠢᠭᠤᠯᠵᠤ᠂ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠥᠨᠳᠥᠷ ᠲᠦᠪᠰᠢᠨ ᠵᠶ᠋ᠡᠷ ᠠᠭᠤᠰᠤᠯᠴᠠᠬᠤ᠂ ᠴᠢᠨᠠᠷ ᠰᠠᠢ᠌ᠲᠠᠢ ᠬᠥᠭᠵᠢᠬᠦ᠎ᠳᠤ ᠨᠡᠩ ᠰᠠᠢ᠌ᠨ ᠬᠦᠴᠦ ᠨᠡᠮᠡᠷᠢᠯᠡᠬᠦ᠎ᠪᠠᠷ ᠴᠢᠷᠮᠠᠢ᠌ᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            