11 ᠳ᠋ᠦ᠍ᠭᠡᠷ ᠰᠠᠷ᠎ᠠ ᠵᠢᠨ 12᠎ᠤᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠵᠢᠷᠭᠤᠳᠤᠭ᠋ᠠᠷ ᠬᠤᠷᠠᠯ ᠬᠦᠬᠡᠬᠣᠲᠠ᠎ᠳᠤ ᠪᠣᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ᠂᠂ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠪᠦᠦ ᠰᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠤᠳᠤᠷᠢᠳᠬᠤ ᠳᠤᠭᠤᠢ᠌ᠯᠠᠩ᠎ᠤᠨ ᠳᠠᠷᠤᠭ᠎ᠠ ᠶᠠᠩ ᠵᠢᠨ ᠬᠤᠷᠠᠯ᠎ᠢ ᠡᠷᠬᠢᠯᠡᠪᠡ᠃

ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ᠎ᠤᠨ ᠪᠠᠢ᠌ᠴᠠᠭ᠋ᠠᠯᠲᠠ ᠵᠢᠨ ᠭᠤᠷᠪᠠᠳᠤᠭ᠋ᠠᠷ ᠱᠠᠲᠤᠨ᠎ᠤ ᠭᠣᠣᠯ ᠡᠭᠦᠷᠭᠡ ᠪᠣᠯ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠤᠯᠢ ᠶᠣᠰᠣᠭ᠋ᠠᠷ ᠮᠠᠭ᠋ᠠᠳᠯᠠᠨ ᠲᠣᠭᠲᠠᠭ᠋ᠠᠵᠤ᠂ ᠳᠠᠩᠰᠠᠯᠠᠬᠤ ᠵᠢᠨ ᠬᠠᠮᠲᠤ ᠨᠡᠢ᠌ᠲᠡᠯᠡᠵᠦ᠂ ᠤᠯᠤᠰ᠎ᠤᠨ ᠰᠢᠯᠵᠢᠭᠦᠯᠵᠦ ᠪᠣᠯᠣᠰᠢ ᠦᠭᠡᠢ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠡᠬᠢ ᠪᠠᠶᠠᠯᠢᠭ᠎ᠤᠨ ᠶᠡᠷᠦᠩᠬᠡᠢ ᠭᠠᠷᠴᠠᠭ᠎ᠢ ᠲᠣᠭᠲᠠᠭ᠋ᠠᠵᠤ᠂ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠱᠠᠲᠤ ᠳᠠᠷᠠᠭ᠋ᠠᠯᠠᠨ ᠰᠢᠯᠭ᠋ᠠᠨ ᠠᠪᠬᠤ ᠪᠥᠭᠡᠳ ᠨᠡᠢ᠌ᠭᠡᠮ᠎ᠳᠤ ᠨᠡᠢ᠌ᠲᠡᠯᠡᠬᠦ ᠶᠠᠪᠤᠳᠠᠯ ᠪᠣᠯᠣᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠵᠤ᠂ ᠨᠡᠢ᠌ᠳᠡᠮ ᠪᠠᠢ᠌ᠴᠠᠭ᠋ᠠᠯᠲᠠ ᠵᠢᠨ ᠡᠭᠦᠷᠭᠡ ᠵᠢ ᠴᠢᠨᠠᠷ ᠰᠠᠢ᠌ᠲᠠᠢ᠂ ᠥᠨᠳᠥᠷ ᠲᠦᠪᠰᠢᠨ ᠵᠶ᠋ᠡᠷ ᠪᠡᠶᠡᠯᠡᠭᠦᠯᠬᠦ ᠵᠢ ᠪᠠᠲᠤᠯᠠᠵᠤ᠂ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠪᠣᠯᠪᠠᠰᠤᠨ᠎ᠤ ᠦᠨᠳᠦᠰᠦ ᠰᠤᠳᠠᠰᠤ ᠵᠢ ᠰᠠᠬᠢᠨ ᠬᠠᠮᠠᠭ᠋ᠠᠯᠠᠬᠤ᠂ ᠲᠡᠦᠬᠡ ᠰᠣᠶᠣᠯ᠎ᠤᠨ ᠰᠤᠳᠠᠰᠤ ᠵᠢ ᠦᠷᠭᠦᠯᠵᠢᠯᠡᠭᠦᠯᠬᠦ᠂ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠪᠡᠬᠢ ᠲᠤᠯᠭ᠋ᠠᠭᠤᠷᠢᠯᠠᠯ ᠪᠣᠯᠭ᠋ᠠᠬᠤ ᠬᠡᠷᠡᠭᠲᠡᠢ᠃
ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠠᠴᠠ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠠᠬᠢᠴᠠ ᠵᠢᠨ ᠪᠠᠢ᠌ᠳᠠᠯ᠎ᠢ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠤᠯᠠᠭ᠋ᠠᠨᠴᠠᠪ ᠬᠣᠲᠠ᠂ ᠪᠠᠶᠠᠨᠨᠠᠭᠤᠷ ᠬᠣᠲᠠ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠨᠥᠬᠥᠳ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃ ᠪᠠᠰᠠ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠲᠦᠷᠦ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ᠎ᠢ ᠤᠷᠢᠵᠤ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠬᠠᠤᠯᠢ》 ᠵᠢᠨ ᠲᠤᠰᠬᠠᠢ ᠰᠡᠳᠦᠪᠲᠦ ᠬᠢᠴᠢᠶᠡᠯ ᠣᠷᠤᠪᠠ᠃
ᠬᠤᠷᠠᠯ᠎ᠨᠢ ᠲᠧᠯᠸᠢᠰ ᠤᠲᠠᠰᠤᠲᠤ ᠬᠤᠷᠠᠯ᠎ᠤᠨ ᠬᠡᠯᠪᠡᠷᠢ᠎ᠪᠠᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ᠂ ᠡᠯ᠎ᠡ ᠠᠢ᠌ᠮᠠᠭ ᠬᠣᠲᠠ ᠵᠢᠨ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠨᠢᠭᠡᠴᠢ᠂ ᠨᠡᠢ᠌ᠳᠡᠮ ᠪᠠᠢ᠌ᠴᠠᠭ᠋ᠠᠯᠲᠠ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠨ ᠵᠢᠴᠢ ᠡᠯ᠎ᠡ ᠠᠵᠢᠯ᠎ᠤᠨ ᠳᠤᠭᠤᠢ᠌ᠯᠠᠩ᠎ᠤᠨ ᠳᠠᠷᠤᠭ᠎ᠠ ᠬᠤᠷᠠᠯ᠎ᠳᠤ ᠣᠷᠣᠯᠴᠠᠵᠠᠢ᠃