4 ᠳ᠋ᠤᠭᠡᠷ ᠰᠠᠷ᠎ᠠ ᠵᠢᠨ 11᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 《ᠬᠢᠮᠡᠯ ᠤᠶᠤᠨ ᠵᠶ᠋ᠠᠷ ᠬᠥᠳᠡᠯᠭᠡᠭᠦᠷ ᠪᠣᠯᠭ᠋ᠠᠭᠰᠠᠨ ᠰᠣᠶᠣᠯ᠎ᠤᠨ ᠵᠢᠭᠤᠯᠴᠢᠯᠠᠯ᠎ᠤᠨ ᠲᠣᠭ᠎ᠠ ᠵᠢ ᠤᠶᠤᠨᠵᠢᠭᠤᠯᠬᠤ ᠬᠤᠪᠢᠰᠤᠯᠲᠠ》 ᠵᠢᠨ ᠲᠤᠰᠬᠠᠢ ᠰᠡᠳᠦᠪᠲᠦ ᠲᠠᠢ᠌ᠯᠤᠮᠵᠢ ᠡᠷᠭᠢᠯᠡᠪᠡ᠃
ᠲᠤᠰ ᠤᠳᠠᠭ᠋ᠠᠨ᠎ᠤ ᠲᠠᠢ᠌ᠯᠤᠮᠵᠢ ᠵᠢᠨ ᠵᠣᠷᠢᠯᠭ᠎ᠠ᠎ᠨᠢ ᠤᠯᠤᠰ᠎ᠤᠨ ᠰᠣᠶᠣᠯ ᠪᠠ ᠵᠢᠭᠤᠯᠴᠢᠯᠠᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢᠨ᠎ᠡ ᠴᠠᠭ ᠦᠶ᠎ᠡ ᠵᠢᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠥᠭᠵᠢᠯᠲᠡ᠎ᠳᠤ ᠲᠤᠯᠭ᠋ᠠᠷᠠᠵᠤ ᠪᠠᠢ᠌ᠭ᠎ᠠ ᠰᠢᠨ᠎ᠡ ᠠᠵᠠ ᠲᠣᠬᠢᠶᠠᠯ ᠪᠠ ᠰᠢᠨ᠎ᠡ ᠥᠷᠢᠰᠦᠯᠳᠦᠭᠡᠨ᠎ᠢ ᠢᠳᠡᠪᠬᠢᠲᠡᠢ ᠠᠷᠭ᠋ᠠᠴᠠᠵᠤ᠂ ᠠᠵᠢᠯ ᠲᠦᠷᠦᠯ᠎ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠵᠢ ᠴᠢᠩᠭ᠋ᠠᠳᠬᠠᠵᠤ᠂ ᠠᠵᠢᠯ ᠦᠢ᠍ᠯᠡᠰ ᠡᠷᠬᠢᠯᠡᠭᠴᠢᠳ᠎ᠤᠨ ᠲᠤᠰᠬᠠᠢ ᠮᠡᠷᠭᠡᠵᠢᠯ᠎ᠤᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠂ ᠲᠤᠰ ᠭᠠᠵᠠᠷ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠤᠨ ᠬᠢᠮᠡᠯ ᠤᠶᠤᠨ ᠵᠡᠷᠭᠡ ᠬᠤᠰᠢᠭᠤᠴᠢ ᠮᠡᠷᠭᠡᠵᠢᠯ᠎ᠢ ᠠᠰᠢᠭᠯᠠᠨ ᠰᠢᠨ᠎ᠡ ᠵᠢ ᠡᠭᠦᠳᠬᠦ ᠰᠢᠪᠲᠤᠯᠤᠯᠲᠠ ᠪᠠ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ ᠵᠢᠨ ᠲᠦᠯᠦᠭᠡ ᠶᠤᠮ᠃ ᠲᠠᠢ᠌ᠯᠤᠮᠵᠢ ᠵᠢ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ᠎ᠬᠢ ᠬᠢᠮᠡᠯ ᠤᠶᠤᠨ᠎ᠤ ᠮᠡᠷᠭᠡᠵᠢᠯ᠎ᠤᠨ ᠬᠡᠷᠡᠭᠯᠡᠯᠲᠡ ᠵᠢᠨ ᠲᠣᠭᠣᠷᠢᠨ᠎ᠳᠤ ᠥᠷᠨᠢᠭᠦᠯᠵᠦ᠂ ᠬᠢᠮᠡᠯ ᠤᠶᠤᠨ᠎ᠤ ᠮᠡᠷᠭᠡᠵᠢᠯ᠎ᠤᠨ ᠬᠥᠭᠵᠢᠯᠲᠡ ᠪᠠ ᠠᠬᠤᠢ ᠪᠠᠢ᠌ᠳᠠᠯ᠎ᠢ ᠪᠥᠬᠥ ᠲᠠᠯ᠎ᠠ᠎ᠪᠠᠷ ᠲᠠᠨᠢᠯᠴᠠᠭᠤᠯᠵᠤ᠂ ᠣᠳᠣᠬᠠᠨ᠎ᠤ ᠬᠢᠮᠡᠯ ᠤᠶᠤᠨ᠎ᠤ ᠮᠡᠷᠭᠡᠵᠢᠯ᠎ᠤᠨ ᠰᠣᠶᠣᠯ ᠪᠠ ᠵᠢᠭᠤᠯᠴᠢᠯᠠᠯ᠎ᠤᠨ ᠠᠵᠤ ᠦᠢ᠍ᠯᠡᠰ᠎ᠲᠤ᠎ᠬᠢ ᠬᠡᠷᠡᠭᠯᠡᠯᠲᠡ ᠵᠢᠨ ᠣᠳᠣᠬᠢ ᠪᠠᠢ᠌ᠳᠠᠯ ᠪᠠ ᠬᠠᠨᠳᠤᠰᠢ᠂ ᠬᠢᠮᠡᠯ ᠤᠶᠤᠨ ᠬᠡᠷᠬᠢᠨ ᠰᠤᠶᠤᠯ ᠵᠢᠭᠤᠯᠴᠢᠯᠠᠯ᠎ᠤᠨ ᠠᠵᠢᠯ ᠲᠥᠷᠥᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠴᠢᠳᠠᠪᠤᠷᠢ ᠣᠯᠭᠣᠬᠤ ᠵᠡᠷᠭᠡ ᠠᠭᠤᠯᠭ᠎ᠠ ᠵᠢ ᠭᠦᠨᠵᠡᠭᠡᠢ ᠵᠠᠳᠠᠯᠤᠨ ᠰᠢᠨᠵᠢᠯᠡᠵᠦ᠂ ᠠᠵᠢᠯ ᠦᠢ᠍ᠯᠡᠰ ᠡᠷᠬᠢᠯᠡᠭᠴᠢᠳᠢ ᠤᠯᠠᠮ ᠨᠢᠭᠡ ᠠᠯᠬᠤᠮ ᠬᠠᠪᠰᠤᠷᠤᠨ ᠲᠥᠷᠥ ᠵᠢᠨ ᠪᠣᠳᠣᠯᠭ᠎ᠠ ᠵᠢᠨ ᠤᠳᠤᠷᠢᠳᠤᠮᠵᠢ ᠵᠢ ᠣᠢ᠌ᠯᠠᠭ᠋ᠠᠭᠤᠯᠵᠤ᠂ ᠨᠠᠩ ᠣᠯᠠᠨ ᠲᠥᠷᠥ ᠵᠢᠨ ᠪᠣᠳᠣᠯᠭ᠎ᠠ ᠵᠢᠨ ᠡᠬᠢ ᠪᠠᠶᠠᠯᠢᠭ᠎ᠤᠨ ᠳᠡᠮᠵᠢᠯᠭᠡ ᠵᠢ ᠣᠯᠬᠤ᠎ᠪᠠᠷ ᠴᠢᠷᠮᠠᠢ᠌ᠨ᠎ᠠ᠃
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠭᠡᠷ᠎ᠲᠤ᠎ᠪᠠᠨ ᠪᠠᠢ᠌ᠬᠤ ᠤᠳᠤᠷᠢᠳᠤᠯᠭ᠎ᠠ ᠵᠢᠴᠢ ᠲᠢᠩᠬᠢᠮ᠎ᠤᠨ ᠪᠠᠢ᠌ᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠺᠠᠳ᠋ᠷ᠂ ᠰᠢᠭᠤᠳ ᠬᠠᠷᠢᠶ᠎ᠠ ᠨᠢᠭᠡᠴᠢ ᠵᠢᠨ ᠭᠣᠣᠯ ᠤᠳᠤᠷᠢᠳᠤᠯᠭ᠎ᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠂ ᠬᠥᠬᠡᠬᠣᠲᠠ᠎ᠳᠤ ᠰᠠᠭᠤᠭ᠎ᠠ ᠬᠡᠰᠡᠭ ᠠᠵᠤ ᠠᠬᠤᠢ᠌ᠯᠠᠯ᠂ ᠶᠡᠬᠡ ᠳᠡᠭᠡᠳᠦ ᠰᠤᠷᠭ᠋ᠠᠭᠤᠯᠢ ᠵᠢᠨ ᠲᠥᠯᠥᠭᠡᠯᠡᠭᠴᠢ᠂ ᠡᠯ᠎ᠡ ᠠᠢ᠌ᠮᠠᠭ ᠬᠤᠳᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠴᠢ ᠬᠠᠮᠢᠶ᠎ᠠ ᠪᠦᠬᠦᠢ ᠠᠵᠤ ᠠᠬᠤᠢ᠌ᠯᠠᠯ ᠲᠤᠰ ᠤᠳᠠᠭ᠎ᠠ ᠵᠢᠨ ᠲᠠᠢ᠌ᠯᠤᠮᠵᠢ᠎ᠳᠤ ᠣᠷᠣᠯᠴᠠᠪᠠ᠃