ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠤᠭ ᠵᠤᠷᠢᠯᠲᠠ ᠵᠢᠨ ᠵᠢᠭᠤᠯᠴᠢᠯᠠᠯ ᠬᠤᠪᠢᠰᠬᠠᠯᠲᠤ ᠤᠮᠠᠷᠠᠲᠤ ᠬᠢᠵᠠᠭ᠋ᠠᠷ》᠄ ᠬᠤᠪᠢᠰᠬᠠᠯ᠎ᠤᠨ ᠭ᠋ᠸᠨ᠎ᠢ ᠤᠯᠠᠮᠵᠢᠯᠠᠨ ᠵᠠᠯᠭ᠋ᠠᠮᠵᠢᠯᠠᠬᠤ ᠳᠤᠮᠳᠠ ᠴᠠᠭ ᠦᠶ᠎ᠡ ᠵᠢᠨ ᠭᠡᠷᠡᠯ ᠭᠢᠯᠪᠠᠭ᠎ᠠ᠎ᠪᠠᠨ ᠰᠠᠴᠤᠷᠠᠭᠤᠯᠤᠨ᠎ᠠ
ᠨᠡᠶᠢᠲᠡᠯᠡᠭᠰᠡᠨ ᠴᠠᠭ᠄ 2025-04-13

 ᠰᠢ᠎ᠵᠢᠨ᠎ᠫᠢᠩ ᠶᠡᠷᠦᠩᠬᠡᠢ ᠱᠦᠵᠢ ᠵᠢᠨ 《ᠬᠤᠪᠢᠰᠬᠠᠯ᠎ᠤᠨ ᠡᠬᠢ ᠪᠠᠶᠠᠯᠢᠭ᠎ᠢ ᠰᠠᠢ᠌ᠲᠤᠷ ᠠᠰᠢᠭᠯᠠᠬᠤ》 ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠤᠮᠠᠷᠠᠲᠤ ᠬᠢᠵᠠᠭ᠋ᠠᠷ᠎ᠤᠨ ᠰᠣᠶᠣᠯ᠎ᠤᠨ ᠨᠠᠷᠠᠲᠤ ᠲᠥᠷᠥᠯ ᠲᠡᠮᠳᠡᠭᠲᠦ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠥᠯᠥᠭᠡᠯᠡᠬᠦ ᠴᠢᠨᠠᠷᠲᠠᠢ ᠬᠤᠪᠢᠰᠬᠠᠯ᠎ᠤᠨ ᠰᠣᠶᠣᠯ᠎ᠤᠨ ᠥᠪ᠎ᠢ ᠳᠡᠯᠭᠡᠨ ᠦᠵᠡᠭᠦᠯᠵᠦ ᠤᠬᠠᠭᠤᠯᠬᠤ ᠵᠢᠨ ᠲᠦᠯᠦᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠬᠠᠮᠲᠤᠷᠠᠨ ᠨᠢᠭᠡᠳᠦᠭᠡᠷ ᠬᠤᠭᠤᠴᠠᠭ᠋ᠠᠨ᠎ᠤ 《ᠤᠭ ᠵᠣᠷᠢᠯᠲᠠ ᠵᠢᠨ ᠵᠢᠭᠤᠯᠴᠢᠯᠠᠯ ᠬᠤᠪᠢᠰᠬᠠᠯᠲᠤ ᠤᠮᠠᠷᠠᠲᠤ ᠬᠢᠵᠠᠭ᠋ᠠᠷ》 ᠭᠡᠬᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠰᠣᠶᠣᠯ᠎ᠤᠨ ᠥᠪ᠎ᠤᠨ ᠰᠢᠷᠢᠰ ᠣᠬᠣᠷ ᠸᠢᠳᠢᠤ᠋ ᠵᠢ ᠦᠢ᠍ᠯᠡᠳᠪᠡ᠃ ᠨᠡᠢ᠌ᠲᠡᠯᠡᠨ ᠬᠡᠷᠡᠭᠵᠢᠭᠦᠯᠦᠭᠰᠡᠨ᠎ᠠᠴᠠ ᠨᠠᠭ᠋ᠠᠰᠢ᠂ ᠡᠯ᠎ᠡ ᠲᠠᠪᠴᠠᠩ᠎ᠳᠤ ᠨᠡᠢ᠍ᠢ᠍ᠳᠡ 110 ᠭᠠᠷᠤᠢ ᠲᠦᠮᠡᠨ ᠤᠳᠠᠭ᠎ᠠ ᠨᠠᠪᠲᠠᠷᠡᠭᠦᠯᠵᠦ᠂ ᠰᠠᠢ᠌ᠰᠢᠶᠠᠯ᠎ᠤᠨ ᠳᠠᠷᠤᠮ᠎ᠤᠨ ᠲᠤᠭ᠎ᠠ ᠲᠦᠮᠡ ᠭᠠᠷᠤᠢ ᠤᠳᠠᠭ᠎ᠠ ᠵᠢ ᠳᠠᠪᠠᠵᠤ᠂ ᠤᠯᠠᠨ᠎ᠤ ᠰᠠᠢ᠌ᠨ ᠦᠨᠡᠯᠡᠯᠲᠡ ᠵᠢ ᠣᠯᠵᠤ᠂ ᠲᠤᠭ᠋ᠠᠵᠢᠭᠤᠯᠤᠭᠰᠠᠨ ᠡᠨᠧᠷᠭᠢ ᠵᠢ ᠬᠤᠪᠢᠰᠬᠠᠯ᠎ᠤᠨ ᠡᠬᠢ ᠪᠠᠶᠠᠯᠢᠭ᠎ᠲᠤ ᠣᠯᠭᠣᠬᠤ᠂ ᠬᠤᠪᠢᠰᠬᠠᠯ᠎ᠤᠨ ᠡᠬᠢ ᠪᠠᠶᠠᠯᠢᠭ᠎ᠢ ᠤᠯᠠᠮᠵᠢᠯᠠᠨ ᠲᠠᠷᠬᠠᠭ᠋ᠠᠬᠤ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠬᠦ᠂ ᠬᠤᠪᠢᠰᠬᠠᠯ᠎ᠤᠨ ᠡᠬᠢ ᠪᠠᠶᠠᠯᠢᠭ᠎ᠢ ᠤᠯᠠᠨ ᠡᠰᠢᠵᠢᠭᠦᠯᠦᠨ ᠤᠯᠠᠮᠵᠢᠯᠠᠬᠤ ᠪᠠ ᠲᠦᠷᠦᠯ ᠲᠡᠮᠳᠡᠭ᠎ᠢ ᠪᠦᠲᠦᠭᠡᠬᠦ ᠵᠢ ᠪᠡᠶᠡᠯᠡᠭᠦᠯᠬᠦ ᠵᠡᠷᠭᠡ ᠲᠠᠯ᠎ᠠ᠎ᠪᠠᠷ ᠢᠳᠡᠪᠬᠢᠲᠡᠢ ᠠᠬᠢᠭᠤᠯᠬᠤ ᠦᠢ᠍ᠯᠡᠳᠦᠯ ᠦᠵᠡᠭᠦᠯᠵᠡᠢ᠃ 

《ᠤᠭ ᠵᠣᠷᠢᠯᠲᠠ ᠵᠢᠨ ᠵᠢᠭᠤᠯᠴᠢᠯᠠᠯ ᠬᠤᠪᠢᠰᠬᠠᠯᠲᠤ ᠤᠮᠠᠷᠠᠲᠤ ᠬᠢᠵᠠᠭ᠋ᠠᠷ》 ᠭᠡᠬᠦ ᠰᠢᠷᠢᠰ ᠣᠬᠣᠷ ᠸᠢᠳᠢᠤ᠋᠎ᠪᠠᠷ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠬᠤᠪᠢᠰᠬᠠᠯ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠨ ᠠᠰᠢᠭᠯᠠᠬᠤ ᠵᠢ ᠭᠦᠨᠵᠡᠭᠡᠢ ᠠᠬᠢᠭᠤᠯᠬᠤ》 ᠣᠢ᠌ᠯᠠᠭ᠋ᠠᠭᠳᠠᠬᠤᠨ᠎ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠰᠠᠷ᠎ᠠ ᠵᠢᠨ ᠳᠦᠷᠪᠡᠨ᠎ᠤ ᠬᠥᠳᠡᠯᠭᠡᠭᠡᠨ》᠎ᠤ ᠦᠶ᠎ᠡ᠎ᠠᠴᠠ ᠶᠠᠫᠤᠨ᠎ᠢ ᠡᠰᠡᠷᠭᠦᠴᠡᠬᠦ ᠳᠠᠢ᠍ᠢ᠍ᠨ᠂ ᠴᠢᠯᠦᠭᠡᠯᠡᠬᠦ ᠳᠠᠢ᠍ᠢ᠍ᠨ ᠬᠦᠷᠲᠡᠯᠡᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠪᠠᠢ᠌ᠭᠤᠯᠤᠭᠳᠠᠭᠰᠠᠨ ᠡᠨᠡ ᠬᠡᠰᠡᠭ ᠲᠡᠦᠬᠡᠨ᠎ᠳᠤ᠎ᠬᠢ ᠲᠦᠯᠦᠭᠡᠯᠡᠬᠦ ᠪᠠᠭᠤᠷᠢ᠂ ᠬᠤᠪᠢᠰᠬᠠᠯ᠎ᠤᠨ ᠬᠥᠮᠥᠰ᠎ᠢ ᠰᠣᠩᠭᠣᠨ ᠠᠪᠴᠤ᠂ ᠵᠠᠭᠤᠴᠢᠯᠠᠭᠤᠷ᠎ᠤᠨ ᠴᠠᠭ ᠦᠶ᠎ᠡ ᠵᠢᠨ ᠦᠵᠡᠵᠦ ᠰᠣᠨᠣᠰᠬᠤ ᠦᠭᠡ ᠬᠡᠯᠡ ᠵᠢ ᠠᠭᠤᠰᠤᠯᠴᠠᠭᠤᠯᠤᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠦᠨᠳᠦᠰᠦᠲᠡᠨ᠎ᠤ ᠴᠢᠯᠦᠭᠡᠯᠡᠯᠲᠡ ᠵᠢᠨ ᠲᠡᠦᠬᠡᠨ ᠠᠬᠢᠴᠠ᠎ᠳᠤ᠎ᠬᠢ ᠭᠠᠷᠮᠠᠭ᠋ᠠᠢ ᠬᠤᠪᠢ ᠨᠡᠮᠡᠷᠢ ᠪᠣᠯᠣᠨ ᠡᠪ ᠬᠠᠮᠲᠤᠴᠤᠳ᠎ᠤᠨ ᠡᠷᠡᠯᠬᠡᠭ ᠪᠠᠭ᠋ᠠᠲᠤᠷᠯᠢᠭ᠂ ᠬᠥᠮᠥᠰ᠎ᠤᠨ ᠰᠡᠳᠬᠢᠯ᠎ᠢ ᠬᠥᠳᠡᠯᠭᠡᠮ᠎ᠡ ᠬᠤᠪᠢᠰᠬᠠᠯ᠎ᠤᠨ ᠦᠯᠢᠭᠡᠷ᠎ᠢ ᠪᠦᠬᠦ ᠲᠠᠯ᠎ᠠ᠎ᠪᠠᠷ ᠡᠷᠭᠢᠴᠡᠭᠦᠯᠦᠨ ᠳᠡᠯᠭᠡᠨ ᠦᠵᠡᠭᠦᠯᠵᠡᠢ᠃ 

ᠰᠢᠷᠢᠰ ᠣᠬᠣᠷ ᠸᠢᠳᠢᠤ᠋ ᠵᠢ ᠨᠡᠢ᠌ᠲᠡᠯᠡᠭᠰᠡᠨ᠎ᠨᠢ ᠵᠠᠭᠤᠴᠢᠯᠠᠭᠤᠷ᠎ᠤᠨ ᠠᠭᠤᠰᠤᠯᠴᠠᠭᠰᠠᠨ ᠬᠠᠷᠠᠭ᠋ᠠᠰᠤ ᠳᠣᠣᠷᠠᠬᠢ ᠰᠢᠯᠵᠢᠭᠦᠯᠵᠦ ᠪᠣᠯᠣᠰᠢ ᠦᠭᠡᠢ ᠬᠤᠪᠢᠰᠬᠠᠯ᠎ᠤᠨ ᠰᠣᠶᠣᠯ᠎ᠤᠨ ᠥᠪ᠎ᠤᠨ ᠤᠬᠠᠭᠤᠯᠭ᠎ᠠ ᠵᠢᠨ ᠠᠷᠭ᠎ᠠ ᠵᠠᠮ᠎ᠢ ᠥᠷᠭᠡᠳᠬᠡᠨ ᠰᠦᠪᠡᠭᠴᠢᠯᠡᠵᠦ᠂ ᠬᠤᠪᠢᠰᠬᠠᠯ᠎ᠤᠨ ᠵᠣᠷᠢᠭ ᠰᠠᠨᠠᠭ᠎ᠠ ᠵᠢ ᠪᠠᠳᠠᠷᠠᠭᠤᠯᠬᠤ᠂ ᠬᠤᠪᠢᠰᠬᠠᠯ᠎ᠤᠨ ᠭ᠋ᠸᠨ᠎ᠢ ᠤᠯᠠᠮᠵᠢᠯᠠᠬᠤ᠂ ᠬᠤᠪᠢᠰᠬᠠᠯ᠎ᠤᠨ ᠤᠳᠤᠮ᠎ᠢ ᠦᠷᠭᠦᠯᠵᠢᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠮᠦᠨ ᠴᠤ᠌ ᠤᠮᠠᠷᠠᠲᠤ ᠬᠢᠵᠠᠭ᠋ᠠᠷ᠎ᠤᠨ ᠰᠣᠶᠣᠯ᠎ᠤᠨ ᠪᠠᠶᠠᠯᠢᠭ ᠠᠭᠤᠯᠤᠭᠳᠠᠬᠤᠨ ᠪᠣᠯᠣᠨ ᠴᠠᠭ ᠦᠶ᠎ᠡ ᠵᠢᠨ ᠦᠷᠳᠡᠭ᠎ᠢ ᠤᠬᠠᠭᠤᠯᠤᠨ ᠲᠠᠢ᠌ᠯᠪᠤᠷᠢᠯᠠᠬᠤ ᠬᠦᠴᠦᠲᠡᠢ ᠦᠢ᠍ᠯᠡᠳᠦᠯᠭᠡ ᠪᠣᠯᠣᠨ᠎ᠠ᠃ ᠵᠠᠯᠭ᠋ᠠᠭ᠋ᠠᠳ᠂ ᠬᠣᠶᠠᠳᠤᠭ᠋ᠠᠷ ᠬᠤᠭᠤᠴᠠᠭ᠋ᠠᠨ᠎ᠤ 《ᠤᠭ ᠵᠣᠷᠢᠯᠲᠠ ᠵᠢᠨ ᠵᠢᠭᠤᠯᠴᠢᠯᠠᠯ ᠬᠤᠪᠢᠰᠬᠠᠯᠲᠤ ᠤᠮᠠᠷᠠᠲᠤ ᠬᠢᠵᠠᠭ᠋ᠠᠷ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠰᠬᠠᠯ᠎ᠤᠨ ᠰᠣᠶᠣᠯ᠎ᠤᠨ ᠥᠪ᠎ᠤᠨ ᠰᠢᠷᠢᠰ ᠣᠬᠣᠷ ᠸᠢᠳᠢᠤ᠋ ᠵᠢ ᠨᠡᠶ᠋ᠢᠲᠡ 20 ᠪᠦᠯᠦᠭ ᠭᠠᠷᠭ᠋ᠠᠬᠤ᠎ᠪᠠᠷ ᠪᠣᠶ᠂ ᠠᠩᠬᠠᠷᠤᠯ᠎ᠳᠠᠭᠠᠨ ᠠᠪᠤᠭ᠋ᠠᠷᠠᠢ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠲᠡᠤᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠶᠡᠷᠦᠩᠬᠡᠶ᠋ᠢᠯᠡᠭᠰᠡᠨ ᠭᠠᠵᠠᠷ
          
ᠬᠠᠮᠢᠶ᠎ᠡ ᠪᠦᠬᠦᠢ ᠰᠣᠨᠢᠨ
 
            