4 ᠳ᠋ᠤᠭᠡᠷ ᠰᠠᠷ᠎ᠠ ᠵᠢᠨ 3᠎ᠤ ᠡᠳᠦᠷ᠎ᠤᠨ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ᠎ᠤᠨ ᠣᠷᠳᠣᠨ 《ᠪᠢᠳᠡᠨ᠎ᠤ ᠳᠤᠷᠠᠰᠬᠠᠯᠲᠤ ᠡᠳᠦᠷ · ᠬᠠᠩᠰᠢ》 ᠵᠠᠯᠠᠭᠤᠴᠤᠳ ᠪᠠᠭ᠋ᠠᠴᠤᠳ᠎ᠤᠨ ᠭᠤᠸ᠎ᠠ ᠰᠠᠢ᠌ᠬᠠᠨ᠎ᠤ ᠬᠥᠮᠦᠵᠢᠯ᠎ᠤᠨ ᠰᠢᠷᠢᠰ ᠠᠵᠢᠯᠯᠠᠭ᠎ᠠ ᠵᠢ ᠥᠷᠨᠢᠭᠦᠯᠪᠡ᠃ ᠲᠣᠰ ᠤᠳᠠᠭ᠋ᠠᠨ᠎ᠤ ᠠᠵᠢᠯᠯᠠᠭ᠎ᠠ᠎ᠳᠤ ᠥᠪᠥᠷ ᠮᠣᠩᠭᠣᠯ᠎ᠤᠨ ᠪᠠᠷᠢᠯᠭ᠎ᠠ ᠵᠢᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠪᠠᠷᠢᠯᠭ᠎ᠠ ᠵᠢᠨ ᠲᠥᠬᠦᠭᠡᠷᠦᠮᠵᠢ ᠪᠣᠯᠣᠨ ᠠᠦ᠋ᠲ᠋ᠣᠴᠢᠯᠠᠯᠲᠠ ᠵᠢᠨ ᠳᠡᠭᠡᠳᠦ ᠰᠤᠷᠭ᠋ᠠᠭᠤᠯᠢ ᠵᠢᠨ ᠪᠠᠭᠰᠢ ᠰᠣᠷᠣᠭᠴᠢ ᠵᠢᠴᠢ ᠬᠤᠲᠤᠩ ᠠᠷᠠᠳ᠎ᠤᠨ ᠲᠣᠭᠣᠷᠢᠭ᠎ᠤᠨ ᠠᠯᠠᠱ᠌ᠠ ᠬᠣᠢ᠌ᠲᠤ ᠵᠠᠮ᠎ᠤᠨ ᠵᠡᠭᠡᠯᠢ ᠭᠤᠳᠤᠮᠵᠢ ᠨᠡᠢ᠌ᠭᠡᠮ ᠲᠣᠭᠣᠷᠢᠭ᠎ᠤᠨ ᠣᠯᠠᠨ ᠲᠦᠮᠡᠨ᠎ᠢ ᠣᠨᠴᠠᠭ᠋ᠠᠢ᠌ᠯᠠᠨ ᠤᠷᠢᠵᠤ᠂ 200 ᠰᠢᠬᠠᠮ ᠬᠥᠮᠥᠨ ᠣᠷᠣᠯᠴᠠᠭᠰᠠᠨ ᠪᠠᠢ᠌ᠨ᠎ᠠ᠃ ᠠᠵᠢᠯᠯᠠᠭ᠎ᠠ᠎ᠨᠢ ᠪᠣᠳᠠᠰ᠎ᠤᠨ ᠪᠤᠰᠤ ᠰᠣᠶᠣᠯ᠎ᠤᠨ ᠥᠪ᠎ᠤᠨ ᠪᠡᠶᠡᠴᠢᠯᠡᠨ ᠣᠢ᠌ᠯᠠᠭ᠋ᠠᠬᠤ᠂ ᠬᠤᠪᠢᠰᠬᠠᠯᠲᠤ ᠤᠩᠰᠢᠯᠭ᠎ᠠ᠂ ᠭᠣᠣᠯ ᠰᠡᠳᠦᠪᠲᠦ ᠺᠢᠨᠤ᠋ ᠦᠵᠡᠬᠦ ᠵᠡᠷᠭᠡ ᠤᠯᠠᠨ ᠵᠦᠢ᠍ᠯ᠎ᠤᠨ ᠬᠡᠯᠪᠡᠷᠢ ᠵᠢ ᠠᠪᠴᠤ᠂ ᠵᠠᠯᠠᠭᠤᠴᠤᠳ ᠪᠠᠭ᠋ᠠᠴᠤᠳ᠎ᠲᠤ ᠤᠯᠠᠮᠵᠢᠯᠠᠯᠲᠤ ᠰᠣᠶᠣᠯ᠎ᠤᠨ ᠷᠢᠳᠢ ᠰᠢᠳᠢ ᠵᠢ ᠮᠡᠳᠡᠷᠡᠭᠦᠯᠬᠦ᠂ ᠤᠯᠤᠰ ᠭᠡᠷ ᠵᠶ᠋ᠠᠨ ᠬᠠᠢ᠌ᠷᠠᠯᠠᠬᠤ ᠰᠡᠳᠬᠢᠯᠭᠡ ᠵᠢ᠎ᠨᠢ ᠵᠤᠵᠠᠭ᠋ᠠᠳᠬᠠᠬᠤ ᠭᠤᠸ᠎ᠠ ᠰᠠᠢ᠌ᠬᠠᠨ᠎ᠤ ᠬᠥᠮᠦᠵᠢᠯ᠎ᠤᠨ ᠦᠢ᠍ᠯᠡᠳᠦᠯᠭᠡ ᠵᠢᠨ ᠲᠠᠪᠴᠠᠩ᠎ᠢ ᠪᠠᠢ᠌ᠭᠤᠯᠵᠤ ᠥᠭᠴᠡᠢ᠃
ᠲᠣᠰ ᠤᠳᠠᠭ᠋ᠠᠨ᠎ᠤ 《ᠪᠢᠳᠡᠨ᠎ᠤ ᠳᠤᠷᠠᠰᠬᠠᠯᠲᠤ ᠡᠳᠦᠷ · ᠬᠠᠩᠰᠢ》 ᠵᠠᠯᠠᠭᠤᠴᠤᠳ ᠪᠠᠭ᠋ᠠᠴᠤᠳ᠎ᠤᠨ ᠭᠤᠸ᠎ᠠ ᠰᠠᠢ᠌ᠬᠠᠨ᠎ᠤ ᠬᠥᠮᠦᠵᠢᠯ᠎ᠤᠨ ᠰᠢᠷᠢᠰ ᠠᠵᠢᠯᠯᠠᠭ᠎ᠠ᠎ᠨᠢ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠶ᠋ᠠᠷ ᠠᠴᠢᠶᠠᠯᠠᠪᠤᠷᠢ ᠪᠣᠯᠭ᠋ᠠᠵᠤ᠂ ᠭᠦᠨ ᠭᠦᠨᠵᠡᠭᠡᠢ ᠣᠢ᠌ᠯᠠᠭ᠋ᠠᠯᠲᠠ᠎ᠲᠠᠢ ᠭᠤᠸ᠎ᠠ ᠰᠠᠢ᠌ᠬᠠᠨ᠎ᠤ ᠬᠥᠮᠦᠵᠢᠯ᠎ᠤᠨ ᠦᠢ᠍ᠯᠡᠳᠦᠯᠭᠡ᠎ᠪᠠᠷ ᠳᠠᠮᠵᠢᠭᠤᠯᠤᠨ ᠵᠠᠯᠠᠭᠤᠴᠤᠳ ᠪᠠᠭ᠋ᠠᠴᠤᠳ᠎ᠲᠤ ᠤᠯᠠᠮᠵᠢᠯᠠᠯᠲᠤ ᠰᠣᠶᠣᠯ᠎ᠤᠨ ᠭᠤᠸ᠎ᠠ ᠰᠠᠢ᠌ᠬᠠᠨ᠎ᠢ ᠮᠡᠳᠡᠷᠡᠬᠦ᠂ ᠤᠯᠤᠰ ᠣᠷᠣᠨ᠎ᠤ᠎ᠪᠠᠨ ᠬᠠᠢ᠌ᠷ᠎ᠠ ᠰᠡᠳᠬᠢᠯᠭᠡ ᠵᠢ ᠵᠤᠵᠠᠭ᠋ᠠᠳᠬᠠᠬᠤ ᠦᠰᠦᠨ ᠪᠣᠶ᠋ᠢᠵᠢᠯᠲᠠ ᠵᠢᠨ ᠲᠠᠪᠴᠠᠩ᠎ᠢ ᠪᠣᠶ ᠪᠣᠯᠭ᠋ᠠᠵᠤ ᠥᠭᠭᠦᠭᠰᠡᠨ ᠪᠠᠢ᠌ᠨ᠎ᠠ᠃ ᠣᠷᠣᠯᠴᠠᠭᠰᠠᠳ ᠪᠣᠳᠠᠰ᠎ᠤᠨ ᠪᠤᠰᠤ ᠰᠣᠶᠣᠯ᠎ᠤᠨ ᠥᠪ᠎ᠤᠨ ᠤᠷᠠᠨ ᠳᠠᠷᠬᠠᠨ᠎ᠤ ᠤᠯᠠᠮᠵᠢᠯᠠᠯ᠎ᠤᠨ ᠳᠤᠮᠳᠠ ᠭᠤᠸ᠎ᠠ ᠲᠠᠭ᠋ᠠᠰᠢᠶᠠᠯ᠎ᠤᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠵᠦ᠂ ᠬᠤᠪᠢᠰᠬᠠᠯ᠎ᠤᠨ ᠰᠣᠩᠭᠣᠳᠠᠭ ᠪᠦᠲᠦᠭᠡᠯ᠎ᠢ ᠤᠩᠰᠢᠨ ᠳᠡᠯᠭᠡᠷᠡᠭᠦᠯᠬᠦ ᠳᠤᠮᠳᠠ ᠤᠷᠠᠯᠢᠭ᠎ᠤᠨ ᠦᠵᠡᠯ ᠰᠡᠳᠬᠢᠯᠭᠡ᠎ᠪᠠᠨ ᠪᠣᠯᠪᠠᠰᠤᠷᠠᠭᠤᠯᠵᠤ᠂ ᠬᠤᠪᠢᠰᠬᠠᠯ᠎ᠤᠨ ᠬᠡᠷᠡᠯ ᠰᠡᠭᠦᠳᠡᠷ᠎ᠤᠨ ᠭᠤᠸ᠎ᠠ ᠲᠠᠭ᠋ᠠᠰᠢᠶᠠᠯ᠎ᠤᠨ ᠣᠢ᠌ᠯᠠᠭ᠋ᠠᠯᠲᠠ ᠵᠢᠨ ᠳᠤᠮᠳᠠ ᠣᠶᠤᠨ ᠰᠠᠨᠠᠭ᠋ᠠᠨ᠎ᠤ ᠠᠬᠤᠢ ᠪᠠᠢ᠌ᠳᠠᠯ ᠵᠶ᠋ᠠᠨ ᠳᠡᠭᠡᠭᠰᠢᠯᠡᠭᠦᠯᠵᠦ᠂ ᠭᠤᠸ᠎ᠠ ᠰᠠᠢ᠌ᠬᠠᠨ᠎ᠤ ᠬᠥᠮᠦᠵᠢᠯ ᠪᠠ ᠶᠣᠰᠣ ᠰᠤᠷᠲᠠᠬᠤᠨ᠎ᠤ ᠬᠥᠮᠦᠵᠢᠯ᠎ᠤᠨ ᠣᠷᠭ᠋ᠠᠨᠢᠭ ᠤᠶᠠᠯᠳᠤᠯ᠎ᠢ ᠪᠡᠶᠡᠯᠡᠭᠦᠯᠪᠡ᠃