ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ 《ᠵᠠᠰᠠᠭ ᠰᠤᠷᠭ᠋ᠠᠭᠤᠯᠢ ᠪᠠᠩᠬᠢ ᠠᠵᠤ ᠠᠬᠤᠢ᠌ᠯᠠᠯ》᠎ᠢ ᠵᠣᠯᠭ᠋ᠠᠭᠤᠯᠬᠤ ᠬᠤᠷᠠᠯ᠎ᠢ ᠡᠷᠭᠢᠯᠡᠪᠡ
ᠨᠡᠶᠢᠲᠡᠯᠡᠭᠰᠡᠨ ᠴᠠᠭ᠄ 2025-05-23

5 ᠳ᠋ᠤᠭ᠋ᠠᠷ ᠰᠠᠷ᠎ᠠ ᠵᠢᠨ 17᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠬᠤᠭᠤᠴᠠᠭ᠋ᠠᠨ᠎ᠤ ᠰᠣᠶᠣᠯ ᠪᠠ ᠵᠢᠭᠤᠯᠴᠢᠯᠠᠯ᠎ᠤᠨ 《ᠵᠠᠰᠠᠭ ᠰᠤᠷᠭ᠋ᠠᠭᠤᠯᠢ ᠪᠠᠩᠬᠢ ᠠᠵᠤ ᠠᠬᠤᠢ᠌ᠯᠠᠯ》᠎ᠢ ᠵᠣᠯᠭ᠋ᠠᠭᠤᠯᠬᠤ ᠬᠤᠷᠠᠯ ᠶᠠᠪᠤᠭᠳᠠᠪᠠ᠃ ᠲᠣᠰ ᠤᠳᠠᠭ᠎ᠠ ᠵᠢᠨ ᠵᠣᠯᠭ᠋ᠠᠭᠤᠯᠬᠤ ᠬᠤᠷᠠᠯ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠬᠠᠮᠲᠤᠷᠠᠨ ᠡᠷᠬᠢᠯᠡᠵᠡᠢ᠂ 《ᠵᠠᠰᠠᠭ ᠰᠤᠷᠭ᠋ᠠᠭᠤᠯᠢ ᠪᠠᠩᠬᠢ ᠠᠵᠤ ᠠᠬᠤᠢ᠌ᠯᠠᠯ ᠬᠠᠮᠵᠢᠯᠴᠠᠨ ᠬᠦᠴᠦᠨ ᠵᠶ᠋ᠡᠨ ᠲᠥᠪᠯᠡᠷᠡᠭᠦᠯᠵᠦ᠂ ᠦᠢ᠍ᠯᠡᠳᠪᠦᠷᠢᠯᠡᠯ ᠰᠤᠷᠭ᠋ᠠᠨ ᠬᠥᠮᠦᠵᠢᠯ᠎ᠢ ᠠᠭᠤᠰᠤᠯᠴᠠᠭᠤᠯᠤᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠶ᠎ᠡ》 ᠭᠡᠬᠦ ᠭᠣᠣᠯ ᠰᠡᠳᠦᠪ᠎ᠲᠠᠢ᠃ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠂ ᠶᠡᠬᠡ ᠳᠡᠭᠡᠳᠦ ᠰᠤᠷᠭ᠋ᠠᠭᠤᠯᠢ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ ᠵᠢᠴᠢ ᠠᠵᠢᠯ ᠲᠦᠷᠦᠯ᠎ᠤᠨ ᠨᠡᠢ᠌ᠭᠡᠮᠯᠢᠭ᠎ᠤᠨ 300 ᠭᠠᠷᠤᠢ ᠲᠥᠯᠥᠭᠡᠯᠡᠭᠴᠢ ᠣᠷᠣᠯᠴᠠᠪᠠ᠃

ᠵᠣᠯᠭ᠋ᠠᠭᠤᠯᠬᠤ ᠬᠤᠷᠠᠯ ᠳᠡᠭᠡᠷ᠎ᠡ᠂ ᠥᠪᠥᠷ ᠮᠣᠩᠭᠣᠯ᠎ᠤᠨ ᠵᠢᠭᠤᠯᠴᠢᠯᠠᠯ᠎ᠤᠨ ᠠᠵᠢᠯ ᠲᠦᠷᠦᠯ᠎ᠤᠨ ᠦᠢ᠍ᠯᠡᠳᠪᠦᠷᠢᠯᠡᠯ ᠰᠤᠷᠭ᠋ᠠᠨ ᠬᠥᠮᠦᠵᠢᠯ ᠠᠭᠤᠰᠤᠯᠴᠠᠭᠰᠠᠨ ᠬᠠᠮᠲᠤ ᠵᠢᠨ ᠴᠣᠭᠴᠠ ᠪᠠᠢ᠌ᠭᠤᠯᠤᠭᠳᠠᠭᠰᠠᠨ᠎ᠢ ᠲᠤᠩᠬᠠᠭᠯᠠᠵᠤ᠂ 158 ᠪᠦᠷᠢᠯᠳᠦᠭᠦᠨ ᠨᠢᠭᠡᠴᠢ ᠵᠢᠨ᠎ᠬᠢᠨ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠬᠦ᠂ ᠮᠡᠷᠭᠡᠵᠢᠯ᠎ᠤᠨ ᠰᠢᠨ᠎ᠡ ᠵᠢ ᠡᠭᠦᠳᠬᠦ᠂ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠢ᠌ᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ᠎ᠳᠤ ᠪᠠᠲᠤ ᠪᠡᠬᠢ ᠴᠢᠳᠠᠪᠤᠷᠢᠲᠠᠨ ᠪᠠ ᠤᠶᠤᠨ᠎ᠤ ᠲᠤᠯᠭ᠋ᠠᠭᠤᠷᠢᠯᠠᠯ ᠬᠠᠩᠭ᠋ᠠᠬᠤ᠎ᠪᠠᠷ ᠪᠣᠯᠪᠠ᠃ 《ᠰᠤᠶᠤᠯ ᠵᠢᠭᠤᠯᠴᠢᠯᠠᠯ᠎ᠳᠤ ᠴᠢᠳᠠᠪᠤᠷᠢᠲᠠᠨ ᠴᠤᠭᠯᠠᠵᠤ᠂ ᠠᠵᠢᠯ ᠮᠡᠷᠭᠡᠵᠢᠯ ᠵᠶ᠋ᠡᠷ ᠢᠷᠡᠭᠡᠳᠦᠢ ᠵᠢ ᠳᠠᠭ᠋ᠠᠭᠤᠯᠤᠨ᠎ᠠ》 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠠᠵᠢᠯ ᠲᠥᠷᠥᠯ᠎ᠤᠨ ᠴᠢᠳᠠᠪᠤᠷᠢᠲᠠᠨ ᠡᠯᠰᠡᠬᠦ ᠲᠤᠬᠠᠢ ᠵᠢᠨ ᠲᠠᠯᠠᠪᠤᠷ᠎ᠤᠨ ᠬᠤᠷᠠᠯ ᠵᠡᠷᠭᠡᠴᠡᠭᠡ᠎ᠪᠠᠷ ᠶᠠᠪᠤᠭᠳᠠᠵᠤ᠂ 88 ᠠᠵᠤ ᠠᠬᠤᠢ᠌ᠯᠠᠯ 1500 ᠠᠵᠢᠯ᠎ᠤᠨ ᠪᠠᠢ᠌ᠷᠢ ᠬᠠᠩᠭ᠋ᠠᠭᠰᠠᠨ ᠪᠠᠢ᠌ᠨ᠎ᠠ᠃

ᠣᠢ᠌ᠯᠠᠭ᠋ᠠᠭᠰᠠᠨ ᠵᠶ᠋ᠠᠷ᠂ ᠥᠪᠥᠷ ᠮᠣᠩᠭᠣᠯ ᠢᠷᠡᠭᠡᠳᠦᠢ᠎ᠳᠤ ᠵᠠᠰᠠᠭ ᠰᠤᠷᠭ᠋ᠠᠭᠤᠯᠢ ᠪᠠᠩᠬᠢ ᠠᠵᠤ ᠠᠬᠤᠢ᠌ᠯᠠᠯ᠎ᠤᠨ ᠬᠠᠮᠵᠢᠯᠴᠠᠭᠰᠠᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠣᠶᠣᠯ᠎ᠤᠨ ᠵᠢᠭᠤᠯᠴᠢᠯᠠᠯ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠠᠭᠪᠤᠷ᠎ᠤᠨ ᠰᠢᠨ᠎ᠡ ᠵᠢ ᠡᠭᠦᠳᠬᠦ ᠵᠢ ᠲᠠᠰᠤᠷᠠᠯᠲᠠ ᠦᠭᠡᠢ ᠰᠦᠪᠡᠭᠴᠢᠯᠡᠵᠦ᠂ ᠰᠣᠯᠢᠯᠴᠠᠭ᠋ᠠᠨ᠎ᠤ ᠲᠠᠪᠴᠠᠩ᠎ᠢ ᠦᠷᠭᠦᠯᠵᠢᠯᠡᠨ ᠪᠠᠢ᠌ᠭᠤᠯᠵᠤ᠂ ᠰᠤᠷᠭ᠋ᠠᠨ ᠬᠥᠮᠦᠵᠢᠯ᠎ᠤᠨ ᠬᠡᠯᠬᠢᠶ᠎ᠡ᠂ ᠴᠢᠳᠠᠪᠤᠷᠢᠲᠠᠨ᠎ᠤ ᠬᠡᠯᠬᠢᠶ᠎ᠡ ᠬᠢᠭᠡᠳ ᠠᠵᠤ ᠦᠢ᠍ᠯᠡᠰ᠎ᠤᠨ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠦᠷᠭᠦᠯᠵᠢᠯᠡᠨ ᠴᠡᠴᠡᠭᠯᠡᠨ ᠬᠥᠭᠵᠢᠬᠦ᠎ᠳᠤ ᠬᠦᠴᠦᠨ ᠨᠡᠮᠡᠷᠢᠯᠡᠨ᠎ᠡ᠃

 

 

ᠢᠷᠡᠯᠲᠡ᠄ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ ᠮᠡᠳᠡᠭᠡ
          
ᠬᠠᠮᠢᠶ᠎ᠡ ᠪᠦᠬᠦᠢ ᠰᠣᠨᠢᠨ
 
            