ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠨᠣᠮ ᠤᠩᠰᠢᠬᠤ ᠠᠩᠭᠢ ᠡᠷᠬᠢᠯᠡᠵᠦ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠲᠤᠰᠬᠠᠢ ᠰᠡᠳᠦᠪ ᠵᠶ᠋ᠡᠷ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄ 2025-12-05

ᠨᠠᠮ᠎ᠤᠨ ᠲᠥᠪ ᠬᠣᠷᠢᠶᠠᠨ᠎ᠤ ᠬᠣᠷᠢᠳᠤᠭ᠋ᠠᠷ ᠬᠤᠭᠤᠴᠠᠭ᠋ᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠪᠥᠬᠥ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ᠎ᠤᠨ ᠤᠯᠤᠰ ᠲᠥᠷᠥ ᠵᠢᠨ ᠬᠡᠪ ᠪᠣᠯᠪᠠᠰᠤᠷᠠᠯ ᠪᠠ ᠣᠨᠣᠯ᠎ᠤᠨ ᠬᠢᠷᠢ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠳᠤ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠵᠢᠨ ᠲᠦᠯᠦᠭᠡ᠂ 11 ᠳ᠋ᠤᠭᠡᠷ ᠰᠠᠷ᠎ᠠ ᠵᠢᠨ 18᠎ᠤ ᠡᠳᠦᠷ᠎ᠠᠴᠠ 20᠎ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2025 ᠣᠨ᠎ᠤ 12 ᠳ᠋ᠤᠭ᠋ᠠᠷ ᠤᠳᠠᠭ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ᠎ᠤᠨ ᠬᠠᠮᠲᠤ ᠵᠢᠨ ᠰᠤᠷᠤᠯᠴᠠᠯᠭ᠎ᠠ (ᠥᠷᠭᠡᠳᠬᠡᠭᠰᠡᠨ) ᠬᠤᠷᠠᠯ ᠵᠢᠴᠢ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠨᠣᠮ ᠤᠩᠰᠢᠬᠤ ᠠᠩᠭᠢ ᠵᠢ ᠡᠷᠭᠢᠯᠡᠪᠡ᠃

ᠲᠢᠩᠬᠢᠮ᠎ᠤᠨ ᠤᠳᠤᠷᠢᠳᠤᠯᠭ᠎ᠠ ᠵᠢᠴᠢ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠪᠥᠬᠥ ᠨᠠᠮ᠎ᠤᠨ ᠭᠡᠰᠢᠭᠦᠨ ᠺᠠᠳ᠋ᠷ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠂ ᠳᠡᠳ᠋ ᠭᠠᠵᠠᠷ᠎ᠤᠨ ᠱᠠᠲᠤᠨ᠎ᠠᠴᠠ ᠳᠡᠭᠡᠭᠰᠢᠬᠢ ᠨᠠᠮ᠎ᠤᠨ ᠭᠡᠰᠢᠭᠦᠨ ᠺᠠᠳ᠋ᠷ᠂ ᠰᠢᠭᠤᠳ ᠬᠠᠷᠢᠶ᠎ᠠ ᠨᠢᠭᠡᠴᠢ ᠵᠢᠨ ᠡᠯ᠎ᠡ ᠨᠠᠮ᠎ᠤᠨ ᠡᠭᠦᠷ᠎ᠤᠨ ᠱᠦᠵᠢ᠂ ᠭᠡᠰᠢᠭᠦᠨ ᠨᠡᠶ᠋ᠢᠲᠡ 200 ᠭᠠᠷᠤᠢ ᠬᠥᠮᠥᠨ ᠲᠣᠰ ᠤᠳᠠᠭ᠋ᠠᠨ᠎ᠤ ᠨᠣᠮ ᠤᠩᠰᠢᠬᠤ ᠠᠩᠭᠢ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            