ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2025 ᠣᠨ᠎ᠤ ᠠᠩᠬᠠᠳᠠᠭᠴᠢ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠵᠠᠰᠠᠭ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄ 2025-03-31

     3 ᠳ᠋ᠤᠭ᠋ᠠᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠠᠩᠬᠠᠳᠠᠭᠴᠢ ᠤᠳᠠᠭ᠋ᠠᠨ᠎ᠤ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠵᠠᠰᠠᠭ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠬᠤᠷᠠᠯᠳᠤᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠲᠢᠩᠬᠢᠮ᠎ᠤᠨ ᠳᠡᠳ᠋ ᠳᠠᠷᠤᠭ᠎ᠠ ᠰᠦᠨ ᠭᠦᠸᠧ ᠮᠢᠩ ᠪᠥᠬᠥ ᠣᠷᠣᠨ᠎ᠤ 21 ᠭᠣᠣᠯᠳᠠᠯᠭ᠎ᠠ᠎ᠲᠠᠢ ᠵᠢᠭᠤᠯᠴᠢᠯᠠᠯ᠎ᠤᠨ ᠺᠣᠮᠫᠠᠨᠢ ᠵᠢᠨ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠢ ᠤᠷᠢᠵᠤ ᠬᠤᠷᠠᠯ᠎ᠳᠤ   ᠣᠷᠣᠯᠴᠠᠭᠤᠯᠤᠨ᠂ ᠠᠵᠤ ᠠᠬᠤᠢ᠌ᠯᠠᠯ᠎ᠤᠨ ᠬᠥᠭᠵᠢᠯᠲᠡ ᠵᠢᠨ ᠪᠠᠢ᠌ᠳᠠᠯ᠎ᠢ ᠣᠢ᠌ᠯᠠᠭ᠋ᠠᠨ᠂ ᠰᠠᠨᠠᠯ ᠰᠠᠨᠠᠭᠤᠯᠭ᠎ᠠ ᠵᠢ ᠨᠢᠭᠤᠷᠲᠠᠨ ᠰᠣᠨᠣᠰᠴᠤ᠂ ᠰᠣᠶᠣᠯ ᠪᠠ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠡᠵᠡᠩᠨᠡᠯᠲᠡ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠬᠦᠴᠢᠷᠳᠡᠯ᠎ᠲᠠᠢ ᠠᠰᠠᠭᠤᠳᠠᠯ᠎ᠢ ᠲᠤᠬᠠᠢ ᠵᠢᠨ ᠲᠠᠯᠠᠪᠤᠷ᠎ᠲᠤᠨᠢ ᠰᠤᠳᠤᠯᠤᠨ ᠰᠢᠢ᠍ᠳᠪᠦᠷᠢᠯᠡᠪᠡ᠃

      ᠶᠠᠷᠢᠯᠴᠠᠬᠤ ᠬᠤᠷᠠᠯ᠎ᠤᠨ ᠠᠬᠤᠢ ᠲᠠᠯᠠᠪᠠᠢ ᠵᠢᠨ ᠠᠭᠤᠷ ᠠᠮᠢᠰᠬᠤᠯ   ᠬᠦᠭᠵᠢᠶᠡᠨ᠎ᠲᠠᠢ ᠪᠠᠢ᠌ᠵᠤ᠂ ᠠᠵᠤ ᠠᠬᠤᠢ᠌ᠯᠠᠯᠲᠠᠳ ᠪᠠᠶᠠᠷ ᠬᠦᠷ᠎ᠲᠠᠢ ᠶᠠᠷᠢᠯᠴᠠᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠲᠥᠯᠦᠪᠵᠢᠭᠦᠯᠭᠡ ᠵᠢ   ᠰᠤᠯᠢᠯᠴᠠᠨ ᠶᠠᠷᠢᠯᠴᠠᠵᠤ᠂ ᠠᠵᠤ ᠠᠬᠤᠢ᠌ᠯᠠᠯ᠎ᠤᠨ ᠬᠥᠭᠵᠢᠯᠲᠡ ᠵᠢᠨ ᠳᠤᠮᠳᠠ ᠲᠤᠯᠭ᠋ᠠᠷᠠᠭᠰᠠᠨ ᠬᠦᠴᠢᠷᠳᠡᠯ ᠵᠢᠴᠢ ᠰᠢᠢ᠍ᠳᠪᠦᠷᠢᠯᠡᠬᠦ ᠰᠠᠨᠠᠭᠤᠯᠭ᠎ᠠ ᠵᠢ ᠳᠤᠷᠠᠳᠴᠠᠢ᠃ ᠤᠯᠠᠨ᠎ᠤ ᠠᠰᠠᠭᠤᠳᠠᠯ ᠪᠣᠯᠣᠨ ᠰᠠᠨᠠᠭᠤᠯᠭ᠎ᠠ᠎ᠳᠤ ᠴᠢᠭᠯᠡᠭᠦᠯᠦᠨ᠂ ᠵᠠᠩ ᠷᠦᠢ᠂ ᠰᠦᠨ ᠭᠦᠸᠧ ᠮᠢᠩ ᠨᠢᠭᠡᠳ ᠨᠢᠭᠡ᠎ᠪᠠᠷ ᠬᠠᠷᠢᠭᠤ ᠥᠭᠴᠦ᠂ ᠳᠠᠷᠤᠢ᠌ᠬᠠᠨ ᠵᠣᠯᠭ᠋ᠠᠭᠤᠯᠤᠨ ᠵᠣᠬᠢᠴᠠᠭᠤᠯᠵᠤ᠂ ᠪᠦᠬᠦ ᠬᠦᠴᠦᠨ ᠵᠶ᠋ᠡᠷ ᠵᠶ᠋ᠡᠨ ᠬᠠᠪᠰᠤᠷᠤᠨ ᠰᠢᠢ᠍ᠳᠪᠦᠷᠢᠯᠡᠨ᠎ᠡ ᠭᠡᠵᠦ ᠢᠯᠡᠳᠬᠡᠪᠡ᠃

      ᠵᠠᠩ ᠷᠦᠢ᠂ ᠪᠢᠳᠡ ᠠᠵᠤ ᠠᠬᠤᠢ᠌ᠯᠠᠯ᠎ᠤᠨ ᠲᠤᠰᠬᠠᠭᠰᠠᠨ ᠬᠦᠰᠡᠯ ᠱᠠᠭ᠋ᠠᠷᠳᠠᠯᠭ᠎ᠠ ᠪᠠ ᠠᠰᠠᠭᠤᠳᠠᠯ᠎ᠢ ᠪᠥᠬᠥ ᠲᠠᠯ᠎ᠠ᠎ᠪᠠᠷ ᠲᠠᠨᠢᠵᠤ᠂ ᠡᠭᠦᠷᠭᠡ ᠵᠢᠨ ᠨᠠᠷᠢᠨ ᠲᠠᠩᠰᠠ ᠵᠢ ᠬᠤᠷᠢᠶᠠᠩᠭᠤᠢ᠌ᠯᠠᠨ ᠵᠠᠳᠠᠯᠵᠤ᠂ ᠭᠦᠢ᠍ᠴᠡᠳᠬᠡᠬᠦ ᠬᠠᠷᠢᠭᠤᠴᠠᠯᠭ᠋ᠠᠲᠠᠨ᠂ ᠭᠦᠢ᠍ᠴᠡᠳᠬᠡᠬᠦ ᠴᠠᠭ᠎ᠤᠨ ᠬᠢᠵᠠᠭ᠋ᠠᠷ ᠵᠡᠷᠭᠡ ᠵᠢ ᠲᠣᠳᠣᠷᠬᠠᠢ᠌ᠯᠠᠵᠤ᠂ ᠲᠤᠰᠬᠠᠢ ᠵᠦᠢ᠍ᠯ ᠵᠶ᠋ᠡᠷ ᠰᠢᠪᠠᠳᠠᠨ ᠰᠢᠢ᠍ᠳᠪᠦᠷᠢᠯᠡᠭᠦᠯᠬᠦ ᠵᠢ ᠬᠡᠷᠡᠭᠵᠢᠭᠦᠯᠦᠨ᠂ ᠪᠢᠲᠡᠭᠦᠦ ᠬᠠᠮᠢᠶᠠᠷᠤᠯᠲᠠ ᠵᠢ ᠪᠣᠶ ᠪᠣᠯᠭ᠋ᠠᠨ᠎ᠠ᠃ ᠲᠣᠰ ᠤᠳᠠᠭ᠋ᠠᠨ᠎ᠤ ᠶᠠᠷᠢᠯᠴᠠᠬᠤ ᠬᠤᠷᠠᠯ ᠵᠶ᠋ᠠᠷ ᠡᠬᠢᠯᠡᠯᠲᠡ ᠪᠣᠯᠭ᠋ᠠᠵᠤ᠂ ᠣᠳᠣᠨ ᠲᠠᠰ᠎ᠤᠨ ᠵᠢᠭᠤᠯᠴᠢᠯᠠᠯ᠎ᠤᠨ ᠪᠠᠭᠤᠳᠠᠯ᠂ ᠪᠣᠬᠢᠷᠲᠤᠯ ᠦᠭᠡᠢ ᠪᠠᠭᠤᠳᠠᠯ᠂ ᠵᠡᠷᠭᠡ ᠳᠡᠰ᠎ᠤᠨ ᠵᠢᠭᠤᠯᠴᠢᠯᠠᠯ᠎ᠤᠨ ᠠᠷᠠᠳ᠎ᠤᠨ ᠪᠠᠭᠤᠳᠠᠯ᠂ ᠦᠵᠡᠮᠵᠢ ᠵᠢᠨ ᠣᠷᠣᠨ ᠵᠡᠷᠭᠡ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ᠎ᠢ ᠪᠦᠯᠦᠭ ᠤᠳᠠᠭ᠎ᠠ ᠬᠤᠪᠢᠶᠠᠨ ᠵᠣᠬᠢᠶᠠᠨ ᠪᠠᠢ᠌ᠭᠤᠯᠵᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠡᠪᠰᠢᠭᠰᠡᠨ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠤᠨ᠂ ᠬᠠᠮᠤᠭ᠎ᠤᠨ ᠲᠡᠷᠢᠭᠦᠨ᠎ᠳᠤ ᠠᠵᠤ ᠠᠬᠤᠢ᠌ᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠣᠢ᠌ᠯᠠᠭ᠋ᠠᠵᠤ᠂ ᠬᠠᠮᠤᠭ᠎ᠤᠨ ᠲᠡᠷᠢᠭᠦᠨ᠎ᠳᠤ ᠦᠢ᠍ᠯᠡᠴᠢᠯᠡᠭᠡ ᠬᠠᠪᠰᠤᠷᠤᠯᠭ᠎ᠠ ᠬᠠᠩᠭ᠋ᠠᠨ᠎ᠠ᠃ ᠪᠢᠳᠡ ᠦᠢ᠍ᠯᠡᠴᠢᠯᠡᠭᠡ ᠵᠢ ᠰᠠᠢ᠌ᠲᠤᠷ ᠬᠢᠬᠦ ᠳᠡᠭᠡᠷ᠎ᠡ ᠬᠦᠴᠦ ᠲᠠᠯᠪᠢᠵᠤ᠂ ᠲᠦᠷᠦᠯ ᠵᠦᠢ᠍ᠯ᠎ᠢ ᠦᠨᠡᠨ ᠰᠡᠳᠬᠢᠯ᠎ᠠᠴᠠ᠎ᠪᠠᠨ ᠲᠠᠭ᠋ᠠᠵᠤ᠂ ᠠᠵᠤ ᠠᠬᠤᠢ᠌ᠯᠠᠯ᠎ᠢ ᠲᠣᠭᠣᠷᠢᠨ ᠡᠷᠭᠢᠯᠳᠦᠵᠦ᠂ ᠠᠵᠤ ᠠᠬᠤᠢ᠌ᠯᠠᠯ᠎ᠤᠨ ᠬᠥᠭᠵᠢᠯᠲᠡ ᠵᠢᠨ ᠬᠠᠷᠰᠢ ᠰᠠᠭ᠋ᠠᠳ᠎ᠢ ᠠᠷᠢᠯᠭ᠋ᠠᠵᠤ᠂ ᠠᠵᠤ ᠠᠬᠤᠢ᠌ᠯᠠᠯ᠎ᠢ ᠰᠠᠨᠠᠭ᠎ᠠ ᠠᠮᠤᠷ ᠰᠣᠶᠣᠯ ᠵᠢᠭᠤᠯᠴᠢᠯᠠᠯ᠂ ᠰᠣᠶᠣᠯ ᠪᠠ ᠵᠢᠭᠤᠯᠴᠢᠯᠠᠯ᠎ᠢ ᠬᠥᠭᠵᠢᠭᠦᠯᠵᠦ᠂ ᠦᠢ᠍ᠯᠡᠴᠢᠯᠡᠭᠡᠨ᠎ᠤ 《ᠦᠨ᠎ᠡ ᠴᠡᠨ᠎ᠡ》᠎ᠪᠠᠷ ᠬᠥᠭᠵᠢᠯᠲᠡ ᠵᠢᠨ 《ᠬᠤᠷᠳᠤᠴᠠ》 ᠵᠢ ᠪᠦᠷᠢᠯᠳᠦᠭᠦᠯᠬᠦ ᠬᠡᠷᠡᠭᠲᠡᠢ ᠭᠡᠵᠦ ᠶᠠᠷᠢᠪᠠ᠃


ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            