ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ 2025 ᠣᠨ᠎ᠤ ᠰᠢᠯᠵᠢᠭᠦᠯᠦᠨ ᠪᠣᠯᠪᠠᠰᠤᠷᠠᠭᠤᠯᠤᠯ᠎ᠢ ᠤᠷᠤᠭᠰᠢᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄ 2025-03-15

     3 ᠳ᠋ᠤᠭ᠋ᠠᠷ ᠰᠠᠷ᠎ᠠ ᠵᠢᠨ 6᠎ᠤ ᠡᠳᠦᠷ᠂ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ 2025 ᠣᠨ᠎ᠤ ᠭᠤᠷᠪᠠᠳᠤᠭ᠋ᠠᠷ ᠤᠳᠠᠭ᠋ᠠᠨ᠎ᠤ ᠰᠢᠯᠵᠢᠭᠦᠯᠦᠨ ᠪᠤᠯᠪᠠᠰᠤᠷᠠᠭᠤᠯᠤᠯᠲᠠ ᠥᠪᠥᠷ ᠮᠣᠩᠭᠣᠯ᠎ᠤᠨ ᠬᠥᠬᠡᠬᠣᠲᠠ᠎ᠳᠤ ᠠᠮᠵᠢᠯᠲᠠ᠎ᠲᠠᠢ ᠲᠡᠭᠦᠰᠴᠦ᠂ ᠰᠢᠯᠵᠢᠭᠦᠯᠦᠨ ᠪᠣᠯᠪᠠᠰᠤᠷᠠᠭᠤᠯᠬᠤ ᠡᠭᠦᠷᠭᠡ᠎ᠪᠠᠨ ᠪᠦᠬᠦᠨ᠎ᠢ ᠪᠡᠶᠡᠯᠡᠭᠦᠯᠪᠡ᠃ ᠲᠣᠰ ᠤᠳᠠᠭ᠋ᠠᠨ᠎ᠤ ᠰᠢᠯᠵᠢᠭᠦᠯᠦᠨ ᠪᠣᠯᠪᠠᠰᠤᠷᠠᠭᠤᠯᠤᠯᠲᠠ ᠵᠢ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠠᠴᠠ ᠭᠣᠣᠯᠯᠠᠨ ᠡᠷᠭᠢᠯᠡᠵᠦ᠂ ᠬᠠᠩᠵᠧᠦ᠂ ᠨᠠᠨᠨᠢᠩ᠂ ᠬᠥᠬᠡᠬᠣᠲᠠ᠎ᠳᠤ ᠭᠤᠷᠪᠠᠨ ᠲᠠᠯᠠᠪᠤᠷ ᠬᠤᠪᠢᠶᠠᠨ ᠥᠷᠨᠢᠭᠦᠯᠵᠦ᠂ 31 ᠮᠤᠵᠢ (ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ) ᠵᠢᠴᠢ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠮᠤᠵᠢ᠂ ᠬᠣᠲᠠ ᠬᠣᠶᠠᠷ ᠱᠠᠲᠤᠨ᠎ᠤ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ ᠵᠢᠨ ᠭᠣᠣᠯᠯᠠᠭᠴᠢ ᠨᠡᠶ᠋ᠢᠲᠡ 677 ᠰᠤᠷᠤᠯᠭ᠋ᠠᠲᠠᠨ ᠪᠣᠯᠪᠠᠰᠤᠷᠠᠭᠤᠯᠤᠯ᠎ᠳᠤ ᠣᠷᠣᠯᠴᠠᠵᠠᠢ᠃ ᠰᠢᠯᠵᠢᠭᠦᠯᠦᠨ ᠪᠣᠯᠪᠠᠰᠤᠷᠠᠭᠤᠯᠬᠤ ᠬᠤᠭᠤᠴᠠᠭ᠋ᠠᠨ᠎ᠳᠤ᠂ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠥᠳ ᠵᠧᠵᠢᠶᠠᠩ᠂ ᠭᠤᠸᠠᠩᠰᠢ᠂ ᠥᠪᠥᠷ ᠮᠣᠩᠭᠣᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠳᠠᠷᠤᠭ᠎ᠠ᠎ᠲᠠᠢ ᠲᠣᠰ ᠲᠣᠰ ᠠᠭᠤᠯᠵᠠᠵᠤ᠂ ᠨᠡᠢ᠌ᠳᠡᠮ ᠪᠠᠢ᠌ᠴᠠᠭ᠋ᠠᠯᠲᠠ ᠵᠢᠨ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠯᠲᠠ ᠬᠢᠬᠦ ᠠᠵᠢᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ᠃

      ᠰᠢᠯᠵᠢᠭᠦᠯᠦᠨ ᠪᠣᠯᠪᠠᠰᠤᠷᠠᠭᠤᠯᠬᠤ ᠠᠩᠭᠢ᠎ᠳᠤ᠂ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠎ᠤᠨ ᠬᠠᠷᠢᠭᠤᠴᠠᠯᠭ᠋ᠠᠲᠠᠨ ᠳᠥᠷᠪᠡᠳᠦᠭᠡᠷ ᠤᠳᠠᠭ᠋ᠠᠨ᠎ᠤ ᠪᠦᠬᠦ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠶᠡᠷᠦᠩᠬᠡᠢ ᠠᠬᠢᠴᠠ ᠪᠣᠯᠣᠨ ᠠᠵᠢᠯ᠎ᠤᠨ ᠱᠠᠭ᠋ᠠᠷᠳᠠᠯᠭ᠎ᠠ ᠵᠢ ᠲᠠᠢ᠌ᠯᠪᠤᠷᠢᠯᠠᠨ ᠶᠠᠷᠢᠵᠤ᠂ ᠡᠯ᠎ᠡ ᠠᠵᠢᠯᠯᠠᠬᠤ ᠳᠤᠭᠤᠢ᠌ᠯᠠᠩ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠨᠥᠬᠥᠳ᠂ ᠲᠤᠰᠬᠠᠢ ᠮᠡᠷᠭᠡᠵᠢᠯᠲᠡᠨ ᠡᠷᠳᠡᠮᠲᠡᠳ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠣᠭᠣᠷᠢᠨ᠎ᠳᠤ ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠲᠡᠦᠬᠡ ᠵᠢᠨ ᠳᠤᠷᠠᠰᠬᠠᠯᠲᠤ ᠬᠠᠤᠯᠢ ᠶᠣᠰᠣᠭ᠋ᠠᠷ ᠲᠤᠬᠠᠢ ᠵᠢᠨ ᠭᠠᠵᠠᠷ᠎ᠤᠨ ᠪᠠᠢ᠌ᠴᠠᠭ᠋ᠠᠯᠲᠠ ᠵᠢ ᠠᠬᠢᠭᠤᠯᠵᠤ᠂ ᠨᠡᠢ᠌ᠳᠡᠮ᠎ᠤᠨ ᠪᠠᠢ᠌ᠴᠠᠭ᠋ᠠᠯᠲᠠ ᠵᠢᠨ ᠪᠦᠷᠢᠯᠳᠦᠭᠦᠨ ᠨᠢᠭᠡᠴᠢ ᠵᠢᠨ ᠬᠠᠮᠲᠤᠷᠠᠯᠴᠠᠭ᠋ᠠᠨ᠎ᠤ ᠲᠣᠭᠲᠠᠴᠠ ᠪᠣᠯᠣᠨ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ᠂ ᠮᠠᠨ᠎ᠤ ᠤᠯᠤᠰ᠎ᠤᠨ ᠣᠷᠴᠢᠨ ᠣᠲᠣ ᠦᠶ᠎ᠡ ᠵᠢᠨ ᠪᠠᠷᠢᠯᠭ᠎ᠠ᠎ᠳᠤ ᠭᠣᠣᠯᠳᠠᠭᠤ ᠬᠥᠭᠵᠢᠯᠲᠡ ᠵᠢᠨ ᠰᠤᠳᠠᠰᠤ᠂ ᠳᠤᠮᠳᠠᠳᠤ ᠤᠯᠤᠰ᠎ᠤᠨ ᠠᠵᠤ ᠦᠢ᠍ᠯᠡᠳᠪᠦᠷᠢ ᠵᠢᠨ ᠥᠪ᠎ᠤᠨ ᠲᠣᠢ᠌ᠮᠣ ᠪᠠᠢ᠌ᠳᠠᠯ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠳᠤᠮᠳᠠᠬᠢ ᠬᠥᠳᠡᠭᠡ ᠲᠣᠰᠬᠣᠨ᠎ᠤ ᠪᠠᠷᠢᠯᠭ᠎ᠠ ᠵᠢᠨ ᠲᠠᠨᠢᠨ ᠮᠡᠳᠡᠬᠦᠢ ᠪᠠ ᠪᠠᠢ᠌ᠴᠠᠭ᠋ᠠᠯᠲᠠ᠂ ᠤᠯᠠᠮᠵᠢᠯᠠᠯᠲᠤ ᠠᠢ᠌ᠯ ᠲᠣᠰᠬᠣᠨ᠎ᠤ ᠪᠠᠢ᠌ᠴᠠᠭ᠋ᠠᠯᠲᠠ ᠪᠠ ᠲᠡᠮᠳᠡᠭᠯᠡᠯ᠂ ᠱᠤᠭᠤᠮᠯᠢᠭ ᠰᠣᠶᠣᠯ᠎ᠤᠨ ᠥᠪ᠎ᠤᠨ ᠪᠠᠢ᠌ᠴᠠᠭ᠋ᠠᠯᠲᠠ (ᠣᠷᠳᠣ ᠴᠠᠭ᠋ᠠᠨ ᠬᠡᠷᠡᠮ᠎ᠤᠨ ᠡᠬᠢ ᠪᠠᠶᠠᠯᠢᠭ᠎ᠤᠨ ᠪᠠᠢ᠌ᠴᠠᠭ᠋ᠠᠯᠲᠠ᠎ᠪᠠᠷ ᠵᠢᠱ᠌ᠢᠶ᠎ᠡ ᠪᠣᠯᠭ᠋ᠠᠨ᠎ᠠ)᠂ ᠨᠡᠢ᠌ᠳᠡᠮ ᠪᠠᠢ᠌ᠴᠠᠭ᠋ᠠᠯᠲᠠ ᠵᠢᠨ ᠳᠠᠩᠰᠠᠯᠠᠯᠲᠠ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠵᠠᠳᠠᠯᠤᠯᠲᠠ᠂ ᠨᠡᠢ᠌ᠳᠡᠮ ᠪᠠᠢ᠌ᠴᠠᠭ᠋ᠠᠯᠲᠠ ᠵᠢᠨ ᠵᠥᠭᠡᠯᠡᠨ ᠲᠣᠨᠣᠭ᠎ᠤᠨ ᠰᠢᠰᠲ᠋ᠧᠮ᠎ᠤᠨ ᠬᠡᠷᠡᠭᠯᠡᠯᠲᠡ ᠵᠢᠴᠢ ᠪᠠᠢ᠌ᠩᠭᠤ ᠲᠣᠬᠢᠶᠠᠯᠳᠤᠬᠤ ᠠᠰᠠᠭᠤᠳᠠᠯ᠎ᠤᠨ ᠬᠠᠷᠢᠭᠤᠯᠲᠠ ᠵᠡᠷᠭᠡ ᠠᠭᠤᠯᠭ᠎ᠠ᠎ᠪᠠᠷ ᠬᠢᠴᠢᠶᠡᠯᠯᠡᠪᠡ᠃ ᠱᠠᠨᠳᠦ᠋ᠩ᠂ ᠬᠤᠪᠧᠢ᠂ ᠱᠠᠨ ᠰᠢ ᠮᠤᠵᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ ᠵᠢᠨ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠲᠣᠰ ᠲᠣᠰ ᠰᠢᠨ᠎ᠡ᠎ᠪᠠᠷ ᠢᠯᠡᠷᠡᠭᠦᠯᠦᠭᠰᠡᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠪᠠᠢ᠌ᠴᠠᠭ᠋ᠠᠯᠲᠠ ᠵᠢᠨ ᠠᠷᠭ᠎ᠠ ᠪᠠ ᠦᠢ᠍ᠯᠡᠳᠦᠯᠭᠡ᠂ 《ᠰᠣᠯᠪᠢᠴᠠᠨ ᠬᠠᠷᠢᠯᠴᠠᠨ ᠪᠠᠢ᠌ᠴᠠᠭ᠋ᠠᠬᠤ》 ᠵᠢᠴᠢ ᠲᠤᠬᠠᠢ ᠵᠢᠨ ᠲᠠᠯᠠᠪᠤᠷ᠎ᠤᠨ ᠶᠠᠰᠤ ᠴᠢᠨᠠᠷ᠎ᠤᠨ ᠪᠠᠢ᠌ᠴᠠᠭ᠋ᠠᠯᠲᠠ ᠵᠢᠨ ᠬᠢᠨᠠᠨ ᠬᠠᠷᠭᠤᠭᠤᠯᠬᠤ ᠠᠷᠭ᠎ᠠ ᠪᠠ ᠦᠢ᠍ᠯᠡᠳᠦᠯᠭᠡ᠂ ᠠᠷᠢᠯᠤᠭᠰᠠᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠢᠨᠠᠨ ᠵᠥᠪᠰᠢᠶᠡᠷᠡᠵᠦ ᠨᠤᠲᠠᠯᠠᠬᠤ ᠲᠣᠭᠲᠠᠴᠠ ᠵᠢᠨ ᠰᠣᠯᠢᠯᠴᠠᠭ᠎ᠠ ᠵᠡᠷᠭᠡ ᠠᠭᠤᠯᠭ᠎ᠠ ᠵᠢᠨ ᠲᠤᠬᠠᠢ ᠬᠢᠴᠢᠶᠡᠯ ᠣᠷᠣᠪᠠ᠃ ᠡᠯ᠎ᠡ ᠮᠤᠵᠢ ᠵᠢᠨ ᠱᠠᠲᠤᠨ᠎ᠤ ᠨᠡᠢ᠌ᠳᠡᠮ ᠪᠠᠢ᠌ᠴᠠᠭ᠋ᠠᠯᠲᠠ ᠵᠢᠨ ᠪᠠᠢ᠌ᠭᠤᠯᠤᠮᠵᠢ ᠵᠢᠨ ᠲᠥᠯᠥᠭᠡᠯᠡᠭᠴᠢ ᠲᠤᠰ ᠭᠠᠵᠠᠷ ᠣᠷᠣᠨ᠎ᠤ᠎ᠪᠠᠨ ᠨᠡᠢ᠌ᠳᠡᠮ ᠪᠠᠢ᠌ᠴᠠᠭ᠋ᠠᠯᠲᠠ ᠵᠢᠨ ᠠᠬᠢᠴᠠ ᠵᠢᠴᠢ ᠠᠵᠢᠯ᠎ᠤᠨ ᠲᠥᠯᠥᠪᠯᠡᠭᠡ᠎ᠪᠠᠨ ᠰᠣᠯᠢᠯᠴᠠᠪᠠ᠃ ᠰᠢᠯᠵᠢᠭᠦᠯᠦᠨ ᠪᠣᠯᠪᠠᠰᠤᠷᠠᠭᠤᠯᠬᠤ ᠠᠩᠭᠢ᠎ᠨᠢ ᠰᠤᠷᠤᠯᠭ᠋ᠠᠲᠠᠳ᠎ᠤᠨ ᠠᠵᠢᠯ᠎ᠤᠨ ᠱᠠᠭ᠋ᠠᠷᠳᠠᠯᠭ᠎ᠠ ᠵᠢ ᠭᠦᠨᠵᠡᠭᠡᠢ ᠣᠢ᠌ᠯᠠᠭ᠋ᠠᠬᠤ᠂ ᠠᠵᠢᠯ᠎ᠤᠨ ᠠᠷᠭ᠎ᠠ ᠵᠢ ᠡᠵᠡᠮᠰᠢᠬᠦ᠂ ᠦᠢ᠍ᠯᠡᠳᠦᠯᠭᠡ ᠵᠢᠨ ᠲᠤᠷᠰᠢᠯᠭ᠎ᠠ᠎ᠪᠠᠨ ᠰᠣᠯᠢᠯᠴᠠᠬᠤ᠂ ᠬᠦᠴᠢᠷ ᠲᠦᠪᠡᠭᠲᠡᠢ ᠠᠰᠠᠭᠤᠳᠠᠯ᠎ᠢ ᠬᠠᠷᠢᠭᠤᠯᠬᠤ᠎ᠳᠤ ᠥᠨᠳᠥᠷ ᠪᠦᠲᠦᠮᠵᠢᠲᠡᠶ ᠲᠠᠪᠴᠠᠩ ᠬᠠᠩᠭ᠋ᠠᠵᠤ᠂ ᠵᠢᠱ᠌ᠢᠭᠰᠡᠨ ᠦᠷ᠎ᠡ ᠪᠦᠲᠦᠮᠵᠢ ᠵᠢ ᠣᠯᠣᠭᠰᠠᠨ ᠪᠠᠢ᠌ᠨ᠎ᠠ᠃

      ᠲᠣᠰ ᠤᠳᠠᠭ᠋ᠠᠨ᠎ᠤ ᠰᠢᠯᠵᠢᠭᠦᠯᠦᠨ ᠪᠣᠯᠪᠠᠰᠤᠷᠠᠭᠤᠯᠤᠯᠲᠠ ᠵᠢ ᠳᠤᠮᠳᠠᠳᠤ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠮᠡᠳᠡᠭᠡ ᠵᠠᠩᠭᠢ ᠵᠢᠨ ᠯᠠᠪᠯᠠᠭ᠎ᠠ ᠵᠢᠨ ᠲᠥᠪ ᠪᠣᠯᠣᠨ ᠵᠧᠵᠢᠶᠠᠩ᠂ ᠭᠤᠸᠠᠩᠰᠢ᠂ ᠥᠪᠥᠷ ᠮᠣᠩᠭᠣᠯ ᠭᠤᠷᠪᠠᠨ ᠮᠤᠵᠢ ᠣᠷᠣᠨ᠎ᠤ ᠲᠡᠦᠬᠡ ᠵᠢᠨ ᠳᠤᠷᠠᠰᠬᠠᠯᠲᠤ   ᠵᠦᠢ᠍ᠯᠡᠰ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠳᠠᠲᠠᠢ᠎ᠪᠠᠷ ᠳᠠᠭ᠋ᠠᠭ᠋ᠠᠨ ᠰᠢᠯᠵᠢᠭᠦᠯᠦᠨ ᠪᠣᠯᠪᠠᠰᠤᠷᠠᠭᠤᠯᠬᠤ ᠬᠢᠴᠢᠶᠡᠯ  ᠎ᠢ 3 ᠳ᠋ᠤᠭ᠋ᠠᠷ ᠰᠠᠷ᠎ᠠ   ᠵᠢᠨ 15᠎ᠤ ᠡᠳᠦᠷ᠎ᠠᠴᠠ ᠡᠮᠦᠨ᠎ᠡ ᠪᠥᠬᠥ ᠤᠯᠤᠰ᠎ᠤᠨ ᠰᠣᠶᠣᠯ᠎ᠤᠨ ᠦᠵᠡᠰᠬᠦᠯᠡᠩ᠎ᠤᠨ ᠰᠦᠯᠵᠢᠶᠡᠨ᠎ᠤ ᠳᠡᠭᠡᠳᠦ ᠰᠤᠷᠭ᠋ᠠᠭᠤᠯᠢ᠎ᠳᠤ ᠵᠠᠯᠭ᠋ᠠᠭ᠎ᠠ᠎ᠪᠠᠷ ᠰᠦᠯᠵᠢᠶᠡᠨ᠎ᠳᠤ ᠣᠷᠣᠭᠤᠯᠵᠤ᠂ ᠪᠥᠬᠥ ᠤᠯᠤᠰ᠎ᠤᠨ ᠡᠯ᠎ᠡ ᠱᠠᠲᠤᠨ᠎ᠤ ᠨᠡᠢ᠌ᠳᠡᠮ ᠪᠠᠢ᠌ᠴᠠᠭ᠋ᠠᠯᠲᠠ   ᠵᠢᠨ ᠪᠠᠢ᠌ᠭᠤᠯᠤᠮᠵᠢ᠂ ᠨᠡᠢ᠌ᠳᠡᠮ ᠪᠠᠢ᠌ᠴᠠᠭ᠋ᠠᠯᠲᠠ   ᠵᠢᠨ ᠠᠩᠭᠢ   ᠵᠢᠨ ᠭᠡᠰᠢᠭᠦᠳ᠎ᠲᠤ ᠰᠦᠯᠵᠢᠶᠡᠨ ᠳᠡᠭᠡᠷ᠎ᠡ ᠪᠣᠯᠪᠠᠰᠤᠷᠠᠯ ᠬᠦᠷᠲᠡᠭᠡᠨ᠎ᠡ᠃  

ᠢᠷᠡᠯᠲᠡ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠰᠤᠶᠤᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            