3 ᠳ᠋ᠤᠭ᠋ᠠᠷ ᠰᠠᠷ᠎ᠠ ᠵᠢᠨ 18᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ 2025 ᠣᠨ᠎ᠤ ᠨᠠᠮ᠎ᠤᠨ ᠪᠠᠢ᠌ᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠳᠡᠳ᠋ ᠱᠦᠵᠢ᠂ ᠲᠢᠩᠬᠢᠮ᠎ᠤᠨ ᠳᠡᠳ᠋ ᠳᠠᠷᠤᠭ᠎ᠠ ᠰᠦᠨ ᠭᠦᠸᠧ ᠮᠢᠩ ᠬᠤᠷᠠᠯ ᠡᠷᠭᠢᠯᠡᠪᠡ᠃ 
ᠬᠤᠷᠠᠯ᠎ᠠᠴᠠ ᠨᠠᠮ᠎ᠤᠨ ᠪᠠᠢ᠌ᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠭᠤᠢ᠌ᠪᠢᠰᠢ ᠦᠭᠡᠢ ᠠᠬᠢᠭᠤᠯᠬᠤ ᠳᠡᠭᠡᠷ᠎ᠡ ᠠᠩᠬᠠᠷᠤᠯ ᠵᠶ᠋ᠠᠨ ᠲᠥᠪᠯᠡᠷᠡᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠨᠠᠮ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠨᠠᠮ ᠪᠡᠶ᠎ᠡ᠎ᠳᠤ᠎ᠪᠠᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ ᠲᠥᠪ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠤᠨ ᠵᠣᠷᠢᠭ ᠰᠠᠨᠠᠭ᠎ᠠ᠂ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠳᠥᠷᠪᠡᠳᠦᠭᠡᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠪᠣᠯᠣᠨ 2025 ᠣᠨ᠎ᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢ᠌ᠭᠤᠯᠤᠯᠭ᠎ᠠ ᠵᠢᠨ ᠨᠠᠮ᠎ᠤᠨ ᠪᠠᠢ᠌ᠭᠤᠯᠤᠯᠲᠠ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠲᠥᠪᠯᠡᠷᠡᠭᠦᠯᠦᠨ ᠦᠵᠡᠵᠦ᠂ 2024 ᠣᠨ᠎ᠤ ᠠᠵᠢᠯ᠎ᠢ ᠳ᠋ᠦᠩᠨᠡᠨ᠂ 2025 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠰᠣᠶᠣᠯ ᠵᠢᠭᠤᠯᠴᠢᠯᠠᠯ᠎ᠤᠨ ᠰᠢᠰᠲ᠋ᠧᠮ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠤᠯᠤᠰ ᠲᠥᠷᠥ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠱᠤᠭᠤᠮ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠥᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠢ ᠪᠠᠢ᠌ᠩᠭᠤᠵᠢᠭᠤᠯᠤᠨ ᠥᠷᠨᠢᠭᠦᠯᠬᠦ᠎ᠪᠠᠷ ᠭᠠᠷᠳᠠᠴᠠ ᠪᠣᠯᠭ᠋ᠠᠨ᠂ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ᠂ ᠡᠩᠨᠡᠭᠡᠨ ᠤ ᠪᠠᠢ᠌ᠭᠤᠯᠤᠯᠲᠠ᠂ ᠰᠤᠷᠲᠠᠯ᠎ᠤᠨ ᠪᠠᠢ᠌ᠭᠤᠯᠤᠯᠲᠠ᠂ ᠴᠢᠳᠠᠪᠤᠷᠢ ᠵᠢᠨ ᠪᠠᠢ᠌ᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠴᠢᠩᠭ᠋ᠠᠷᠠᠭᠤᠯᠵᠤ᠂ ᠡᠯ᠎ᠡ ᠲᠦᠷᠦᠯ᠎ᠤᠨ ᠠᠵᠢᠯ᠎ᠳᠤ᠎ᠪᠠᠨ ᠢᠯᠡᠷᠬᠡᠢ ᠦᠷ᠎ᠡ ᠪᠦᠲᠦᠮᠵᠢ ᠣᠯᠵᠠᠢ ᠭᠡᠪᠡ᠃
ᠬᠤᠷᠠᠯ᠎ᠠᠴᠠ᠂ 2025 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠲᠡᠭᠦᠰᠬᠡᠯ᠎ᠤᠨ ᠵᠢᠯ ᠪᠣᠯᠣᠨ᠎ᠠ᠃ ᠮᠦᠨ ᠴᠤ᠌ ᠰᠣᠶᠣᠯ ᠵᠢᠭᠤᠯᠴᠢᠯᠠᠯ᠎ᠤᠨ ᠦᠢ᠍ᠯᠡᠰ᠎ᠢ ᠭᠦᠨᠵᠡᠭᠡᠢ ᠠᠭᠤᠰᠤᠯᠴᠠᠭᠤᠯᠬᠤ ᠵᠠᠩᠭᠢᠯᠠᠭ᠎ᠠ ᠵᠢᠯ ᠪᠣᠯᠣᠨ᠎ᠠ᠃ ᠪᠦᠬᠦ ᠲᠢᠩᠬᠢᠮ᠎ᠤᠨ ᠳᠡᠭᠡᠳᠦ ᠳᠣᠣᠷᠠᠳᠤ ᠱᠠᠲᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠲᠥᠪᠯᠡᠷᠡᠭᠦᠯᠵᠦ ᠪᠠᠢ᠌ᠭ᠋ᠠᠳ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠣᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ ᠳᠤ᠎ᠬᠢ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》᠂ 《ᠵᠢᠷᠭᠤᠭ᠋ᠠᠨ ᠢᠨᠵᠧᠨᠧᠷᠢᠩ》᠂ 《ᠵᠢᠷᠭᠤᠭ᠋ᠠᠨ ᠠᠵᠢᠯᠯᠠᠭ᠎ᠠ》 ᠵᠢ ᠰᠣᠶᠣᠯ ᠪᠠ ᠵᠢᠭᠤᠯᠴᠢᠯᠠᠯ᠎ᠤᠨ ᠬᠦᠷᠢᠶᠡᠨ᠎ᠳᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠴᠢᠨᠠᠷ ᠰᠠᠢ᠌ᠲᠠᠢ ᠨᠠᠮ᠎ᠤᠨ ᠪᠠᠢ᠌ᠭᠤᠯᠤᠯᠲᠠ ᠵᠢᠨ ᠠᠵᠢᠯ ᠪᠠ ᠰᠠᠢ᠌ᠨ ᠰᠠᠢ᠌ᠬᠠᠨ ᠠᠵᠢᠯ᠎ᠤᠨ ᠰᠤᠷᠲᠠᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠰᠢᠨ᠎ᠡ ᠰᠢᠪᠲᠤᠯᠤᠯᠲᠠ᠂ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ 
ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠣᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠣᠯᠪᠣᠭᠳᠠᠯ ᠪᠦᠬᠦᠢ ᠨᠥᠬᠥᠳ᠂ ᠲᠢᠩᠬᠢᠮ᠎ᠤᠨ ᠪᠠᠢ᠌ᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠲᠣᠪᠴᠢᠶ᠎ᠠ ᠵᠢᠨ ᠪᠦᠬᠦ ᠺᠠᠳ᠋ᠷ᠂ ᠰᠢᠭᠤᠳ ᠬᠠᠷᠢᠶ᠎ᠠ ᠡᠯ᠎ᠡ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠭᠦᠨ᠂ ᠳᠡᠳ᠋ ᠭᠠᠵᠠᠷ᠎ᠤᠨ ᠲᠡᠰ᠎ᠠᠴᠠ ᠳᠡᠭᠡᠭᠰᠢᠬᠢ ᠺᠠᠳ᠋ᠷ᠂ ᠡᠯ᠎ᠡ ᠨᠠᠮ᠎ᠤᠨ ᠡᠭᠦᠷ᠎ᠤᠨ ᠱᠦᠵᠢ ᠪᠣᠯᠣᠨ ᠭᠡᠰᠢᠭᠦᠨ ᠵᠡᠷᠭᠡ 200 ᠭᠠᠷᠤᠢ ᠬᠥᠮᠥᠨ ᠬᠤᠷᠠᠯ᠎ᠳᠤ ᠣᠷᠤᠯᠴᠠᠵᠠᠢ᠃