3 ᠳ᠋ᠤᠭ᠋ᠠᠷ ᠰᠠᠷ᠎ᠠ ᠵᠢᠨ 10᠎ᠤ ᠡᠳᠦᠷ᠎ᠤᠨ ᠦᠳᠡ ᠵᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠥᠪ ᠲᠢᠩᠬᠢᠮ᠎ᠳᠤ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠭᠤᠷᠪᠠᠳᠤᠭ᠋ᠠᠷ ᠬᠤᠷᠠᠯᠳᠤᠭ᠋ᠠᠨ᠎ᠤ ᠭᠤᠷᠪᠠᠳᠤᠭ᠋ᠠᠷ ᠲᠠᠯᠠᠪᠤᠷ᠎ᠤᠨ 《ᠭᠡᠰᠢᠭᠦᠳ᠎ᠤᠨ ᠰᠤᠷᠪᠤᠯᠵᠢᠯᠠᠭ᠎ᠠ ᠬᠦᠯᠢᠶᠡᠬᠦ ᠵᠠᠮ》᠎ᠤᠨ ᠬᠠᠮᠲᠤ ᠵᠢᠨ ᠰᠣᠷᠪᠤᠯᠵᠢᠯᠠᠭ᠎ᠠ ᠡᠨᠳᠡ ᠶᠠᠪᠤᠭᠳᠠᠪᠠ᠃ ᠡᠯ᠎ᠡ ᠭᠠᠵᠠᠷ ᠡᠯ᠎ᠡ ᠬᠦᠷᠢᠶᠡᠨ᠎ᠠᠴᠠ ᠢᠷᠡᠭᠰᠡᠨ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ 9 ᠭᠡᠰᠢᠭᠦᠨ ᠰᠣᠷᠪᠤᠯᠵᠢᠯᠠᠭ᠎ᠠ ᠬᠦᠯᠢᠶᠡᠬᠦ ᠵᠠᠮ᠎ᠳᠤ ᠭᠠᠷᠴᠤ᠂ ᠳᠤᠮᠳᠠᠳᠤ ᠭᠠᠳᠠᠭ᠋ᠠᠳᠤ ᠵᠢᠨ ᠰᠤᠷᠪᠤᠯᠵᠢᠯᠠᠭᠴᠢ᠎ᠲᠠᠢ ᠣᠢ᠌ᠷ᠎ᠠ ᠵᠠᠢ᠎ᠠᠴᠠ ᠠᠭᠤᠯᠵᠠᠵᠤ᠂ ᠲᠤᠬᠠᠢ ᠵᠢᠨ ᠲᠠᠯᠠᠪᠤᠷ᠎ᠤᠨ ᠠᠰᠠᠭᠤᠯᠲᠠ ᠵᠢ ᠬᠠᠷᠢᠭᠤᠯᠵᠤ᠂ ᠬᠠᠯᠠᠭᠤᠨ ᠴᠡᠭ᠎ᠤᠨ ᠠᠩᠬᠠᠷᠤᠯ᠎ᠳᠤ ᠬᠠᠷᠢᠭᠤᠯᠲᠠ ᠥᠭᠴᠦ᠂ ᠭᠡᠰᠢᠭᠦᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠤᠭ ᠵᠢᠪᠬᠤᠭ᠎ᠠ ᠵᠢ ᠢᠯᠡᠷᠡᠭᠦᠯᠪᠡ᠃
《ᠤᠯᠠᠨ ᠵᠶ᠋ᠠᠷ ᠵᠶ᠋ᠠᠨ ᠰᠠᠢ᠌ᠨ ᠪᠠᠢ᠌ᠵᠠᠭ᠋ᠠᠨ᠎ᠠ ᠦᠦ᠂ ᠪᠢ ᠪᠣᠯ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠯᠢ ᠵᠢᠨ ᠭᠣᠣᠯ ᠠᠢ᠌ᠮᠠᠭ᠎ᠤᠨ ᠰᠥᠨᠢᠳ ᠵᠡᠭᠦᠨ ᠬᠣᠰᠢᠭᠤᠨ᠎ᠤ ᠤᠯᠠᠭ᠋ᠠᠨᠮᠥ᠋ᠴᠢᠷ᠎ᠤᠨ ᠳᠠᠷᠤᠭ᠎ᠠ ᠠᠯᠲᠠᠨᠳᠠᠯᠠᠢ ᠪᠠᠢ᠌ᠨ᠎ᠠ》᠃ 8 ᠴᠠᠭ 15 ᠮᠢᠨᠦ᠋ᠲ᠎ᠤᠨ ᠦᠶ᠎ᠡ᠎ᠪᠠᠷ᠂ ᠥᠪᠥᠷ ᠮᠣᠩᠭᠣᠯ᠎ᠳᠤ ᠰᠠᠭᠤᠭ᠎ᠠ ᠪᠥᠬᠥ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠭᠡᠰᠢᠭᠦᠨ ᠠᠯᠲᠠᠨᠳᠠᠯᠠᠢ ᠮᠣᠩᠭᠣᠯ ᠬᠤᠪᠴᠠᠰᠤ ᠡᠮᠦᠰᠦᠨ 《ᠭᠡᠰᠢᠭᠦᠳ᠎ᠤᠨ ᠰᠣᠷᠪᠤᠯᠵᠢᠯᠠᠭ᠎ᠠ ᠬᠦᠯᠢᠶᠡᠬᠦ ᠵᠠᠮ》 ᠵᠶ᠋ᠠᠷ ᠶᠠᠪᠤᠵᠤ᠂ ᠲᠤᠬᠠᠢ ᠵᠢᠨ ᠲᠠᠯᠠᠪᠤᠷ᠎ᠲᠤ ᠪᠠᠢ᠌ᠭᠰᠠᠨ ᠵᠠᠭᠤᠴᠢᠯᠠᠭᠤᠷ᠎ᠤᠨ ᠰᠣᠷᠪᠣᠯᠵᠢᠯᠠᠭᠴᠢᠳ᠎ᠲᠤ ᠠᠭᠤᠵᠢᠭᠤ ᠲᠠᠯᠪᠢᠭᠤᠨ ᠵᠶ᠋ᠠᠷ ᠥᠪᠡᠷ᠎ᠤᠨ ᠪᠡᠶ᠎ᠡ᠎ᠪᠠᠨ ᠲᠠᠨᠢᠯᠴᠠᠭᠤᠯᠵᠤ ᠪᠠᠢ᠌ᠯ᠎ᠠ᠃ 
《ᠬᠢᠯᠢ ᠬᠢᠵᠠᠭ᠋ᠠᠷ᠎ᠠᠴᠠ ᠢᠷᠡᠭᠰᠡᠨ ᠤᠳᠬ᠎ᠠ ᠤᠷᠠᠯᠢᠭ᠎ᠤᠨ ᠠᠵᠢᠯᠲᠠᠨ᠂ ᠤᠯᠠᠭ᠋ᠠᠨᠮᠥ᠋ᠴᠢᠷ᠎ᠤᠨ ᠳᠠᠷᠤᠭ᠎ᠠ ᠪᠣᠯᠤᠭᠰᠠᠨ᠎ᠤ ᠬᠤᠪᠢ᠎ᠳᠤ᠂ ᠲᠠ ᠪᠤᠯᠤᠨ ᠤᠯᠠᠭ᠋ᠠᠨᠮᠥ᠋ᠴᠢᠷ᠎ᠤᠨ ᠲᠤᠬᠠᠢ ᠥᠯᠢᠭᠡᠷ᠎ᠢ ᠶᠠᠷᠢᠭ᠋ᠠᠳ ᠥᠭᠭᠦᠨ᠎ᠡ ᠦᠦ? ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠲᠠᠯ᠎ᠠ᠎ᠪᠠᠷ ᠴᠥᠭᠡᠨ ᠲᠣᠭ᠋ᠠᠲᠤ ᠦᠨᠳᠦᠰᠦᠲᠡᠨ᠎ᠤ ᠤᠳᠬ᠎ᠠ ᠤᠷᠠᠯᠢᠭ᠎ᠤᠨ ᠠᠵᠢᠯᠲᠠᠳ ᠶᠠᠮᠠᠷ ᠦᠢ᠍ᠯᠡᠳᠦᠯ ᠭᠠᠷᠭ᠋ᠠᠵᠤ ᠴᠢᠳᠠᠬᠤ ᠪᠣᠶ?》 ᠭᠡᠵᠦ ᠳᠤᠮᠳᠠᠳᠤ ᠤᠯᠤᠰ᠎ᠤᠨ ᠰᠣᠶᠣᠯ᠎ᠤᠨ ᠰᠣᠨᠢᠨ᠎ᠤ ᠰᠤᠷᠪᠤᠯᠵᠢᠯᠠᠭᠴᠢ ᠠᠯᠲᠠᠨᠳᠠᠯᠠᠢ᠎ᠠᠴᠠ ᠠᠰᠠᠭᠤᠪᠠ᠃
《ᠤᠯᠠᠭ᠋ᠠᠨᠮᠥ᠋ᠴᠢᠷ ᠭᠡᠳᠡᠭ᠎ᠨᠢ ᠮᠣᠩᠭᠣᠯ ᠦᠭᠡᠨ᠎ᠳᠤ 〈ᠤᠯᠠᠭ᠋ᠠᠨ ᠨᠢᠯᠬ᠎ᠠ ᠨᠠᠬᠢᠶ᠎ᠠ〉 ᠭᠡᠰᠡᠨ ᠤᠳᠬ᠎ᠠ᠎ᠲᠠᠢ᠂ ᠪᠠᠰᠠ 〈ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ〉 ᠭᠡᠳᠡᠭ᠂ ᠡᠨᠡ ᠬᠦ᠌ ᠳᠠᠭᠤᠳᠠᠯᠭ᠎ᠠ᠎ᠨᠢ ᠲᠠᠯ᠎ᠠ ᠨᠤᠲᠤᠭ᠎ᠲᠤ ᠨᠢᠭᠡᠨᠲᠡ 70 ᠵᠢᠯ ᠰᠢᠬᠠᠮ ᠳᠠᠭᠤᠷᠢᠰᠴᠠᠢ》 ᠭᠡᠵᠦ ᠠᠯᠲᠠᠨᠳᠠᠯᠠᠢ ᠤᠷᠢᠳ ᠵᠶ᠋ᠠᠷ ᠵᠠᠭᠤᠴᠢᠯᠠᠭᠤᠷ᠎ᠤᠨ ᠰᠤᠷᠪᠤᠯᠵᠢᠯᠠᠭᠴᠢ᠎ᠳᠤ ᠤᠯᠠᠭ᠋ᠠᠨᠮᠥ᠋ᠴᠢᠷ᠎ᠤᠨ ᠲᠡᠦᠬᠡ ᠵᠢ ᠲᠠᠨᠢᠯᠴᠠᠭᠤᠯᠪᠠ᠃
ᠠᠯᠲᠠᠨᠳᠠᠯᠠᠢ ᠵᠢᠨ ᠪᠠᠢ᠌ᠭ᠎ᠠ ᠰᠥᠨᠢᠳ ᠵᠡᠭᠦᠨ ᠬᠣᠰᠢᠭᠤᠨ᠎ᠤ ᠤᠯᠠᠭ᠋ᠠᠨᠮᠥ᠋ᠴᠢᠷ᠎ᠨᠢ 1958 ᠣᠨ᠎ᠳᠤ ᠪᠠᠢ᠌ᠭᠤᠯᠤᠭᠳᠠᠵᠤ᠂ ᠠᠩᠬ᠎ᠠ ᠡᠬᠢᠨ᠎ᠳᠤ᠎ᠪᠠᠨ ᠵᠦᠪᠬᠡᠨ 9 ᠬᠥᠮᠥᠨ᠂ 1 ᠮᠣᠷᠢᠨ ᠲᠡᠷᠭᠡ᠎ᠲᠠᠢ ᠪᠠᠢ᠌ᠵᠠᠢ᠃ ᠡᠳᠦᠭᠡ ᠲᠡᠳᠡᠨ᠎ᠤ ᠡᠩᠨᠡᠭᠡ ᠲᠠᠰᠤᠷᠠᠯᠲᠠ ᠦᠭᠡᠢ ᠪᠤᠵᠠᠭ᠋ᠠᠢ᠌ᠷᠠᠵᠤ᠂ ᠣᠳᠣᠬᠢᠴᠢᠯᠠᠭᠰᠠᠨ ᠮᠠᠶᠢᠭ᠎ᠤᠨ ᠲᠣᠭᠯᠠᠯᠲᠠ ᠵᠢᠨ ᠲᠥᠬᠦᠭᠡᠷᠦᠮᠵᠢ᠎ᠲᠠᠢ ᠪᠣᠯᠤᠭᠰᠠᠨ ᠪᠣᠯᠪᠠᠴᠤ ᠠᠷᠠᠳ ᠲᠦᠮᠡᠨ᠎ᠳᠤ ᠦᠢ᠍ᠯᠡᠴᠢᠯᠡᠬᠦ ᠤᠭ ᠰᠠᠨᠠᠭ᠎ᠠ᠎ᠨᠢ ᠶᠡᠷᠦ᠎ᠨᠢ ᠬᠤᠪᠢᠷᠠᠭ᠎ᠠ ᠦᠭᠡᠢ᠃ ᠦᠶ᠎ᠡ ᠦᠶ᠎ᠡ ᠵᠢᠨ ᠤᠯᠠᠭ᠋ᠠᠨᠮᠥ᠋ᠴᠢᠷ᠎ᠤᠨ ᠭᠡᠰᠢᠭᠦᠳ ᠡᠨᠡ ᠬᠦ᠌ ᠨᠤᠲᠤᠭ ᠳᠡᠪᠢᠰᠬᠡᠷ ᠳᠡᠭᠡᠷ᠎ᠡ ᠲᠣᠭ᠎ᠠ ᠲᠣᠮᠰᠢ ᠦᠭᠡᠢ ᠬᠥᠮᠥᠰ᠎ᠤᠨ ᠰᠡᠳᠬᠢᠯ᠎ᠢ ᠬᠥᠳᠡᠯᠭᠡᠮ᠎ᠡ ᠦᠯᠢᠭᠡᠷ᠎ᠢ ᠦᠯᠡᠳᠡᠭᠡᠭᠰᠡᠨ ᠪᠠᠢ᠌ᠨ᠎ᠠ᠃
《ᠰᠥᠨᠢᠳ ᠵᠡᠭᠦᠨ ᠬᠣᠰᠢᠭᠤᠨ᠎ᠤ ᠲᠠᠯᠠᠪᠠᠶ᠎ᠨᠢ 3.4 ᠲᠦᠮᠡᠨ ᠲᠡᠭᠰᠢ ᠳᠥᠷᠪᠡᠯᠵᠢᠨ ᠺᠢᠯᠣᠮᠧᠲᠷ᠂ ᠬᠢᠯᠢ ᠵᠢᠨ ᠱᠤᠭᠤᠮ᠎ᠤᠨ ᠣᠷᠳᠣᠨ᠎ᠢ 310 ᠺᠢᠯᠣᠮᠧᠲᠷ ᠪᠠᠢ᠌ᠳᠠᠭ᠂ ᠪᠢᠳᠡ ᠬᠥᠳᠡᠭᠡ ᠪᠠᠭᠤᠵᠤ ᠲᠣᠭᠯᠠᠯᠲᠠ ᠭᠠᠷᠭ᠋ᠠᠬᠤ᠎ᠳᠤ᠎ᠪᠠᠨ ᠦᠷᠭᠦᠯᠵᠢ ᠬᠣᠯᠠ ᠵᠠᠮ ᠬᠥᠭᠡᠭᠡᠳᠡᠭ᠂ ᠭᠡᠪᠡᠴᠦ ᠬᠡᠳᠦᠢ ᠬᠠᠲᠠᠭᠤᠵᠢᠯᠲᠠᠢ ᠬᠡᠳᠦᠢ ᠶᠠᠳᠠᠷᠠᠯᠲᠠᠢ ᠪᠠᠢ᠌ᠭᠰᠠᠨ ᠴᠤ᠌ ᠤᠳᠬ᠎ᠠ ᠤᠷᠠᠯᠢᠭ᠎ᠢ ᠣᠯᠠᠨ ᠲᠦᠮᠡᠨ᠎ᠤ ᠳᠡᠷᠭᠡᠳᠡ ᠬᠦᠷᠭᠡᠵᠦ ᠥᠭᠬᠦ ᠬᠡᠷᠡᠭᠲᠡᠢ᠃ ᠣᠯᠠᠨ ᠵᠢᠯ᠎ᠤᠨ ᠲᠤᠷᠰᠢ᠂ ᠪᠢᠳᠡ ᠤᠯᠠᠮᠵᠢᠯᠠᠯ ᠵᠶ᠋ᠠᠨ ᠠᠯᠳᠠᠯ ᠦᠭᠡᠢ ᠤᠷᠤᠭᠰᠢᠯᠠᠭᠰᠠᠭ᠋ᠠᠷ ᠪᠠᠢ᠌ᠵᠤ᠂ ᠬᠦᠬᠡ ᠲᠡᠭᠷᠢ᠎ᠪᠠᠷ ᠬᠥᠰᠢᠭᠡ᠎ᠪᠠᠨ ᠪᠣᠯᠭ᠋ᠠᠵᠤ᠂ ᠬᠦᠷᠦᠰᠦᠲᠦ ᠭᠠᠵᠠᠷ ᠵᠶ᠋ᠠᠷ ᠲᠠᠢ᠌ᠰᠠ᠎ᠪᠠᠨ ᠪᠣᠯᠭ᠋ᠠᠵᠤ᠂ ᠡᠯ᠎ᠡ ᠰᠤᠮᠤ ᠭᠠᠴᠠᠭ᠎ᠠ᠂ ᠬᠢᠯᠢ ᠵᠢᠨ ᠬᠠᠮᠠᠭ᠋ᠠᠯᠠᠯᠲᠠ ᠵᠢᠨ ᠰᠤᠮᠤᠨ ᠠᠩᠭᠢ ᠵᠡᠷᠭᠡ ᠭᠠᠵᠠᠷ ᠵᠶ᠋ᠠᠷ ᠰᠦᠯᠵᠢᠯᠳᠦᠨ᠂ ᠤᠮᠠᠷᠠᠲᠤ ᠬᠢᠯᠢ ᠵᠢᠨ ᠡᠬᠡ ᠭᠠᠵᠠᠷ ᠵᠶ᠋ᠠᠷ ᠶᠠᠪᠤᠵᠤ᠂ ᠵᠢᠯ ᠪᠦᠷᠢ 100 ᠭᠠᠷᠤᠢ ᠲᠠᠯᠠᠪᠠᠶ ᠲᠣᠭᠯᠠᠯᠲᠠ ᠭᠠᠷᠭ᠋ᠠᠵᠤ ᠪᠠᠢ᠌ᠨ᠎ᠠ》 ᠭᠡᠵᠦ ᠰᠤᠷᠪᠤᠯᠵᠢᠯᠠᠭᠴᠢ᠎ᠳᠤ ᠣᠮᠣᠭ ᠪᠠᠬᠠᠳᠤᠯᠲᠠᠢ᠎ᠪᠠᠷ ᠲᠠᠨᠢᠯᠴᠠᠭᠤᠯᠵᠤ ᠪᠠᠢ᠌ᠯ᠎ᠠ᠃
ᠴᠠᠭ ᠦᠶ᠎ᠡ ᠬᠤᠪᠢᠷᠠᠵᠤ ᠪᠠᠢ᠌ᠨ᠎ᠠ᠂ ᠤᠯᠠᠭ᠋ᠠᠨᠮᠥ᠋ᠴᠢᠷ ᠴᠦ᠍ ᠬᠤᠪᠢᠷᠠᠵᠤ ᠪᠠᠢ᠌ᠨ᠎ᠠ᠂ ᠭᠡᠪᠡᠴᠦ 《ᠠᠷᠠᠳ ᠲᠦᠮᠡᠨ᠎ᠲᠠᠢ ᠣᠢ᠌ᠷᠠᠳᠴᠤ᠂ ᠠᠷᠠᠳ ᠲᠦᠮᠡᠨ᠎ᠤ ᠳᠤᠮᠳᠠ ᠤᠯᠠᠮᠵᠢᠯᠠᠭᠳᠠᠵᠤ ᠴᠢᠳᠠᠬᠤ᠂ ᠬᠦᠮᠦᠨ᠎ᠤ ᠰᠡᠳᠬᠢᠯ᠎ᠳᠤ ᠬᠤᠨᠤᠭᠰᠢᠭᠤᠯᠬᠤ》 ᠪᠤᠯ ᠤᠯᠠᠭ᠋ᠠᠨᠮᠦ᠋ᠴᠢᠷ᠎ᠤᠨ ᠵᠤᠬᠢᠶᠠᠨ ᠪᠦᠲᠦᠭᠡᠯᠭᠡ ᠵᠢᠨ ᠴᠢᠭᠯᠡᠯᠲᠡ ᠪᠤᠯᠤᠨ᠎ᠠ᠃ ᠨᠠᠮ ᠪᠠ ᠤᠯᠤᠰ᠎ᠤᠨ ᠲᠦᠷᠦ ᠵᠢᠨ ᠪᠤᠳᠤᠯᠭ᠎ᠠ᠂ ᠦᠵᠡᠯ ᠤᠬᠠᠮᠰᠠᠷ᠎ᠢ ᠤᠯᠠᠨ ᠲᠦᠮᠡᠨ᠎ᠳᠤ ᠳᠠᠮᠵᠢᠭᠤᠯᠵᠤ᠂ ᠳᠡᠳᠡ ᠨᠡᠷ᠎ᠲᠤ ᠬᠦᠴᠦᠨ ᠨᠡᠮᠡᠷᠢᠯᠡᠬᠦ ᠪᠤᠯ ᠤᠯᠠᠭ᠋ᠠᠨᠮᠦᠴᠢᠷᠤᠨ ᠬᠦᠭᠡᠭᠡᠴᠡᠯᠳᠦᠯ ᠮᠦᠨ᠃
ᠣᠢ᠌ᠷ᠎ᠠ ᠵᠢᠨ ᠵᠢᠯ᠎ᠳᠤ᠂ ᠬᠢᠯᠢ ᠬᠢᠵᠠᠭ᠋ᠠᠷ ᠣᠷᠤᠨ᠎ᠳᠤ ᠮᠠᠰᠢ ᠶᠡᠬᠡ ᠬᠤᠪᠢᠷᠠᠯᠲᠠ ᠭᠠᠷᠴᠤ ᠮᠠᠯᠴᠢᠨ ᠲᠠᠠᠷᠢᠶᠠᠴᠢᠨᠤ ᠠᠮᠢᠳᠤᠷᠠᠯ ᠶᠡᠬᠡ᠎ᠪᠠᠷ ᠪᠠᠶᠠᠯᠢᠭᠵᠢᠪᠠ᠃ ᠲᠡᠷᠡ᠎ᠪᠠᠷ ᠤᠯᠠᠭ᠋ᠠᠨᠮᠦ᠋ᠴᠢᠷ᠎ᠤᠨ ᠭᠡᠰᠢᠭᠦᠳ᠎ᠲᠠᠢ᠎ᠪᠠᠨ ᠬᠠᠮᠲᠤ᠎ᠪᠠᠷ ᠰᠢᠨ᠎ᠡ ᠵᠢ ᠡᠭᠦᠳᠬᠦ᠎ᠪᠠᠷ ᠴᠢᠷᠮᠠᠢ᠌ᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠠᠴᠠ ᠵᠣᠬᠢᠶᠠᠨ ᠪᠦᠲᠦᠭᠡᠯᠭᠡ ᠵᠢᠨ ᠣᠩᠭᠣᠳ ᠣᠯᠵᠤ᠂ ᠣᠯᠠᠨ ᠲᠦᠮᠡᠨ᠎ᠤ ᠠᠮᠢᠳᠤᠷᠠᠯ᠎ᠳᠤ ᠣᠢ᠌ᠷᠠᠳᠤᠭᠰᠠᠨ᠂ ᠠᠷᠠᠳ ᠲᠦᠮᠡᠨ᠎ᠤ ᠰᠡᠳᠬᠢᠯ᠎ᠤᠨ ᠳᠠᠭᠤᠨ᠎ᠢ ᠲᠤᠰᠬᠠᠭᠰᠠᠨ ᠰᠣᠳᠤᠨ ᠪᠦᠲᠦᠭᠡᠯ᠎ᠢ ᠭᠠᠷᠭ᠋ᠠᠬᠤ᠎ᠪᠠᠷ ᠮᠡᠷᠡᠢ᠌ᠨ ᠴᠢᠷᠮᠠᠢ᠌ᠵᠤ ᠪᠠᠢ᠌ᠨ᠎ᠠ ᠭᠡᠵᠦ ᠠᠯᠲᠠᠨᠳᠠᠯᠠᠢ ᠬᠡᠯᠡᠪᠡ᠃
《ᠪᠢᠳᠡ ᠮᠣᠩᠭᠣᠯ ᠵᠦᠴᠦᠭᠡ 〈ᠲᠡᠮᠡᠭᠡᠲᠦ ᠨᠤᠲᠤᠭ᠎ᠤᠨ ᠰᠢᠨ᠎ᠡ ᠨᠠᠮᠲᠠᠷ〉᠂ 〈ᠪᠤᠳᠠᠷ᠎ᠤᠨ ᠴᠢᠯᠠᠭᠤᠨ ᠤ ᠳᠤᠮᠤᠭ〉᠂ ᠳᠠᠭᠤᠤ ᠪᠥᠵᠢᠭᠲᠦ ᠵᠦᠴᠦᠭᠡ 〈ᠤᠯᠠᠭ᠋ᠠᠨᠮᠥ᠋ᠴᠢᠷ᠎ᠤᠨ ᠬᠢᠯᠢ ᠬᠢᠵᠠᠭ᠋ᠠᠷ᠎ᠤᠨ ᠠᠶᠠᠯᠠᠯ —— ᠲᠤᠷᠠᠨ》 ᠵᠡᠷᠭᠡ ᠵᠢ ᠨᠠᠢ᠌ᠷᠠᠭᠤᠯᠤᠨ ᠵᠣᠬᠢᠶᠠᠵᠤ᠂ ᠤᠮᠠᠷᠠᠲᠤ ᠵᠢᠨ ᠰᠣᠶᠣᠯ᠎ᠤᠨ ᠥᠪᠡᠷᠮᠢᠴᠡ ᠷᠢᠳᠢ ᠰᠢᠳᠢ ᠵᠢᠴᠢ ᠦᠨᠳᠦᠰᠦᠲᠡᠨ᠎ᠨᠦᠭᠦᠳ᠎ᠤᠨ ᠪᠦᠯᠬᠦᠮᠳᠡᠯ ᠬᠠᠢ᠌ᠷ᠎ᠠ ᠵᠢᠨ ᠰᠡᠳᠬᠢᠯ ᠬᠥᠳᠡᠯᠭᠡᠮ᠎ᠡ ᠳᠦᠷᠢ ᠲᠥᠷᠬᠦ ᠵᠢ ᠳᠡᠯᠭᠡᠨ ᠦᠵᠡᠭᠦᠯᠵᠡᠢ᠃ ᠡᠭᠦᠨ᠎ᠤ ᠳᠠᠭ᠋ᠠᠤ ᠴᠠᠭ ᠦᠶ᠎ᠡ᠎ᠲᠠᠢ ᠬᠠᠮᠲᠤ᠎ᠪᠠᠷ ᠤᠷᠤᠭᠰᠢᠯᠠᠵᠤ᠂ 〈ᠢᠨᠲ᠋ᠧᠷ ᠰᠦᠯᠵᠢᠶ᠎ᠡ + ᠤᠳᠬ᠎ᠠ ᠤᠷᠠᠯᠢᠭ〉᠎ᠤᠨ ᠰᠢᠨ᠎ᠡ ᠵᠢ ᠡᠭᠦᠳᠬᠦ ᠠᠵᠢᠯ᠎ᠤᠨ ᠪᠠᠢ᠌ᠷᠢᠰᠢᠯ᠎ᠢ ᠭᠦᠨᠵᠡᠭᠡᠢ᠌ᠷᠡᠭᠦᠯᠦᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠤᠭᠰᠠᠨ ᠲᠣᠭᠯᠠᠯᠲᠠ ᠵᠢᠨ ᠵᠠᠭᠪᠤᠷ᠎ᠢ ᠬᠡᠷᠡᠭᠯᠡᠨ᠂ ᠨᠠᠩ ᠣᠯᠠᠨ ᠬᠥᠮᠥᠰ᠎ᠲᠤ ᠮᠠᠨ᠎ᠤ ᠤᠯᠠᠭ᠋ᠠᠨᠮᠥ᠋ᠴᠢᠷ᠎ᠤᠨ ᠭᠣᠢ᠌ᠳᠠ ᠰᠠᠢ᠌ᠬᠠᠨ ᠲᠣᠭᠯᠠᠯᠲᠠ ᠵᠢ ᠰᠣᠨᠢᠷᠬᠠᠭᠤᠯᠵᠤ ᠪᠠᠢ᠌ᠨ᠎ᠠ》 ᠭᠡᠵᠦ ᠠᠯᠲᠠᠨᠳᠠᠯᠠᠢ ᠬᠡᠯᠡᠪᠡ᠃
ᠶᠠᠷᠢᠶ᠎ᠠ ᠲᠡᠭᠦᠰᠬᠦ ᠦᠶ᠎ᠡ᠎ᠳᠤ 《ᠤᠳᠤ ᠥᠪᠥᠷ ᠮᠣᠩᠭᠣᠯ᠎ᠤᠨ ᠡᠬᠡ ᠭᠠᠵᠠᠷ᠎ᠲᠤ ᠮᠠᠨ᠎ᠤ ᠰᠢᠭ᠋ ᠡᠢ᠌ᠮᠦ ᠤᠯᠠᠭ᠋ᠠᠨᠮᠥ᠋ᠴᠢᠷ᠎ᠤᠨ ᠡᠩᠨᠡᠭᠡ 75 ᠪᠠᠢ᠌ᠨ᠎ᠠ᠂ 3000 ᠭᠠᠷᠤᠢ ᠤᠯᠠᠭ᠋ᠠᠨᠮᠦ᠋ᠴᠢᠷ᠎ᠤᠨ ᠲᠤᠭᠯᠠᠭᠴᠢ ᠵᠢᠯ ᠪᠦᠷᠢ ᠲᠦᠮᠡ ᠭᠠᠷᠤᠢ ᠲᠠᠯᠠᠪᠠᠢ ᠲᠣᠭᠯᠠᠯᠲᠠ ᠭᠠᠷᠭ᠋ᠠᠵᠤ ᠪᠠᠢ᠌ᠨ᠎ᠠ᠃ ᠪᠢᠳᠡ 〈ᠠᠷᠠᠳ ᠲᠦᠮᠡᠨ᠎ᠤ ᠳᠤᠮᠳᠠ ᠣᠴᠢᠬᠤ〉 ᠵᠢ ᠪᠠᠲᠤ ᠴᠡᠭᠡᠵᠢᠯᠡᠵᠦ᠂ ᠠᠮᠢᠳᠤᠷᠠᠯ᠎ᠤᠨ ᠥᠩ ᠰᠢᠮᠡᠯᠢᠭ ᠬᠥᠷᠥᠰᠥᠨ᠎ᠳᠤ ᠦᠨᠳᠦᠰᠦᠯᠡᠵᠦ᠂ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷᠡᠬᠢ ᠭᠦᠨ ᠵᠤᠵᠠᠭ᠋ᠠᠨ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠠᠷᠠᠳ ᠲᠦᠮᠡᠨ᠎ᠲᠠᠢ ᠣᠢ᠌ᠷᠠᠳᠴᠤ᠂ ᠠᠷᠠᠳ ᠲᠦᠮᠡᠨ᠎ᠤ ᠳᠤᠮᠳᠠ ᠤᠯᠠᠮᠵᠢᠯᠠᠭᠳᠠᠵᠤ ᠴᠢᠳᠠᠬᠤ᠂ ᠬᠦᠮᠦᠨ᠎ᠤ ᠰᠡᠳᠬᠢᠯ᠎ᠳᠤ ᠬᠣᠨᠤᠭᠰᠢᠭᠰᠠᠨ ᠰᠢᠯᠢᠳᠡᠭ ᠪᠦᠲᠦᠭᠡᠯ᠎ᠢ ᠨᠡᠩ ᠤᠯᠠᠨ ᠵᠣᠬᠢᠶᠠᠨ ᠪᠦᠲᠦᠭᠡᠬᠦ᠎ᠪᠠᠷ ᠴᠢᠷᠮᠠᠢ᠌ᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠨ᠎ᠡ》 ᠭᠡᠵᠦ ᠠᠯᠲᠠᠨᠳᠠᠯᠠᠢ ᠬᠡᠯᠡᠪᠡ᠃