4 ᠳ᠋ᠤᠭᠡᠷ ᠰᠠᠷ᠎ᠠ ᠵᠢᠨ 1᠎ᠤ ᠡᠳᠦᠷ᠎ᠤᠨ ᠦᠳᠡ ᠵᠢᠨ ᠡᠮᠦᠨ᠎ᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠪᠠᠭ᠎ᠠ ᠳᠤᠭᠤᠢ᠌ᠯᠠᠩ᠎ᠤᠨ ᠲᠠᠪᠤᠳᠤᠭ᠋ᠠᠷ ᠤᠳᠠᠭ᠋ᠠᠨ᠎ᠤ ᠬᠤᠷᠠᠯ ᠬᠦᠬᠡᠬᠤᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠤᠬᠠᠭᠤᠯᠬᠤ ᠬᠡᠯᠲᠡᠰ᠎ᠤᠨ ᠳᠠᠷᠤᠭ᠎ᠠ᠂ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠪᠠᠭ᠎ᠠ ᠳᠤᠭᠤᠢ᠌ᠯᠠᠩ᠎ᠤᠨ ᠳᠠᠷᠤᠭ᠎ᠠ ᠪᠦᠦ ᠰᠢᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ᠂ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠪᠠᠭ᠎ᠠ ᠳᠤᠭᠤᠢ᠌ᠯᠠᠩ᠎ᠤᠨ ᠳᠠᠷᠤᠭ᠎ᠠ ᠶᠠᠩ ᠵᠢᠨ ᠬᠤᠷᠠᠯ᠎ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠠᠯᠪᠠᠨ ᠭᠡᠷ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠂ ᠪᠤᠭᠤᠲᠤ ᠬᠣᠲᠠ᠂ ᠲᠦᠩᠯᠢᠶᠣᠣ ᠬᠣᠲᠠ᠂ ᠬᠣᠷᠢᠨᠭᠡᠷ ᠰᠢᠶᠠᠨ ᠬᠤᠷᠠᠯ ᠳᠡᠭᠡᠷ᠎ᠡ ᠨᠡᠢ᠌ᠳᠡᠮ ᠪᠠᠢ᠌ᠴᠠᠭ᠋ᠠᠯᠲᠠ ᠵᠢᠨ ᠠᠵᠢᠯ᠎ᠤᠨ ᠠᠬᠢᠴᠠ ᠵᠢᠨ ᠪᠠᠢ᠌ᠳᠠᠯ ᠵᠶ᠋ᠠᠨ ᠬᠠᠷᠢᠭᠤ ᠮᠡᠳᠡᠭᠦᠯᠪᠡ᠃ 
ᠬᠤᠷᠠᠯ᠎ᠠᠴᠠ ᠱᠠᠭ᠋ᠠᠷᠳᠠᠭᠰᠠᠨ᠎ᠨᠢ᠂ ᠴᠠᠭ ᠬᠤᠭᠤᠴᠠᠭ᠎ᠠ ᠵᠢ ᠤᠯᠠᠮ ᠨᠢᠭᠡ ᠠᠯᠬᠤᠮ ᠰᠠᠢ᠌ᠲᠤᠷ ᠡᠵᠡᠮᠳᠡᠵᠦ᠂ ᠨᠡᠢ᠌ᠳᠡᠮ ᠪᠠᠢ᠌ᠴᠠᠭ᠋ᠠᠯᠲᠠ ᠵᠢᠨ ᠶᠡᠷᠦᠩᠬᠡᠢ ᠲᠥᠰᠥᠯ᠎ᠤᠨ ᠬᠣᠯᠪᠣᠭᠳᠠᠯ ᠪᠦᠬᠦᠢ ᠠᠵᠢᠯ᠎ᠤᠨ ᠲᠣᠬᠢᠷᠠᠭᠤᠯᠤᠯᠲᠠ ᠪᠠ ᠱᠠᠭ᠋ᠠᠷᠳᠠᠯᠭ᠎ᠠ ᠶᠣᠰᠣᠭ᠋ᠠᠷ᠂ ᠬᠠᠮᠵᠢᠯᠴᠠᠨ ᠬᠦᠴᠦᠯᠡᠵᠦ᠂ ᠳᠠᠪᠲᠠᠨ ᠪᠠᠢ᠌ᠴᠠᠭ᠋ᠠᠬᠤ ᠡᠭᠦᠷᠭᠡ ᠵᠢ ᠴᠠᠭ ᠲᠤᠬᠠᠢᠳᠤᠨᠢ ᠴᠢᠨᠠᠷ ᠰᠠᠢ᠌ᠲᠠᠢ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ; ᠭᠣᠣᠯᠳᠠᠯᠭ᠎ᠠ ᠵᠢ ᠡᠵᠡᠮᠳᠡᠵᠦ᠂ ᠨᠡᠢ᠌ᠳᠡᠮ ᠪᠠᠢ᠌ᠴᠠᠭ᠋ᠠᠯᠲᠠ ᠵᠢᠨ ᠭᠤᠷᠪᠠᠳᠤᠭ᠋ᠠᠷ ᠱᠠᠲᠤᠨ᠎ᠤ ᠠᠵᠢᠯ᠎ᠳᠤ ᠭᠦᠢ᠍ᠴᠡᠳ ᠪᠡᠯᠡᠳᠬᠡᠯ ᠬᠢᠬᠦ ᠬᠡᠷᠡᠭᠲᠡᠢ; ᠤᠯᠠᠨ ᠵᠦᠢ᠍ᠯ᠎ᠤᠨ ᠠᠷᠭ᠎ᠠ ᠬᠡᠮᠵᠢᠶ᠎ᠡ᠎ᠶᠢ ᠵᠡᠷᠭᠡ᠎ᠳᠤ᠎ᠨᠢ ᠬᠡᠷᠡᠭᠯᠡᠵᠦ᠂ ᠨᠡᠢ᠌ᠳᠡᠮ ᠪᠠᠢ᠌ᠴᠠᠭ᠋ᠠᠯᠲᠠ ᠵᠢᠨ ᠦᠷ᠎ᠡ ᠪᠦᠲᠦᠭᠡᠯ᠎ᠢ ᠤᠬᠠᠭᠤᠯᠤᠨ ᠳᠡᠯᠭᠡᠨ ᠦᠵᠡᠭᠦᠯᠬᠦ᠂ ᠰᠤᠳᠤᠯᠤᠨ ᠠᠭᠤᠳᠠᠯᠬᠤ ᠪᠠ ᠬᠠᠮᠠᠭ᠋ᠠᠯᠠᠨ ᠠᠰᠢᠭᠯᠠᠬᠤ᠎ᠶᠢ ᠴᠢᠩᠭ᠋ᠠᠳᠬᠠᠬᠤ ᠬᠡᠷᠡᠭᠲᠡᠢ ᠭᠡᠵᠡᠢ᠃
ᠬᠤᠷᠠᠯ᠎ᠨᠢ ᠲᠧᠯᠸᠢᠰ ᠤᠲᠠᠰᠤ ᠬᠤᠷᠠᠯ᠎ᠤᠨ ᠬᠡᠯᠪᠡᠷᠢ᠎ᠪᠠᠷ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠂ ᠡᠯ᠎ᠡ ᠠᠢ᠌ᠮᠠᠭ ᠬᠣᠲᠠ ᠵᠢᠨ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠨᠡᠢ᠌ᠳᠡᠮ ᠪᠠᠢ᠌ᠴᠠᠭ᠋ᠠᠯᠲᠠ ᠵᠢᠨ ᠤᠳᠤᠷᠢᠳᠬᠤ ᠪᠠᠭ᠎ᠠ ᠳᠤᠭᠤᠢ᠌ᠯᠠᠩ᠎ᠤᠨ ᠪᠦᠷᠢᠯᠳᠦᠭᠦᠨ ᠨᠢᠭᠡᠴᠢ᠂ ᠨᠡᠢ᠌ᠳᠡᠮ ᠪᠠᠢ᠌ᠴᠠᠭ᠋ᠠᠯᠲᠠ ᠵᠢᠨ ᠠᠯᠪᠠᠨ ᠭᠡᠷ᠎ᠤᠨ ᠬᠠᠷᠢᠭᠤᠴᠠᠯᠭ᠋ᠠᠲᠠᠳ ᠬᠤᠷᠠᠯ᠎ᠳᠤ ᠣᠷᠣᠯᠴᠠᠵᠠᠢ᠃