ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠲᠤᠭᠤᠰᠢᠯᠠᠭᠤᠯᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 27᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠥᠪ᠎ᠤᠨ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠵᠠᠩ ᠷᠦᠢ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ 
ᠲᠣᠰ ᠬᠤᠭᠤᠴᠠᠭ᠋ᠠᠨ᠎ᠤ ᠨᠣᠮ ᠤᠩᠰᠢᠬᠤ ᠠᠩᠭᠢ᠎ᠨᠢ ᠬᠣᠶᠠᠷ ᠡᠳᠦᠷ ᠶᠠᠪᠤᠭᠳᠠᠵᠤ᠂ ᠥᠪᠥᠷ ᠮᠣᠩᠭᠣᠯ᠎ᠤᠨ ᠨᠠᠮ᠎ᠤᠨ ᠰᠤᠷᠭ᠋ᠠᠭᠤᠯᠢ ᠵᠢᠨ ᠬᠣᠶᠠᠳᠤᠭ᠋ᠠᠷ ᠳᠡᠰ᠎ᠤᠨ ᠫᠷᠤᠹᠸᠰᠰᠤᠷ ᠢᠦᠢ ᠯᠢᠶᠠᠨ ᠷᠦᠢ ᠵᠢ ᠤᠷᠢᠵᠤ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠲᠤᠬᠠᠢ ᠲᠠᠢ᠌ᠯᠤᠮᠵᠢ ᠬᠢᠯᠭᠡᠵᠦ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠵᠶ᠋ᠡᠷ ᠬᠠᠪᠰᠤᠷᠤᠨ ᠵᠢᠯᠤᠭᠣᠳᠬᠤ᠂ ᠰᠡᠷᠡᠮᠵᠢᠯᠡᠭᠦᠯᠬᠦ ᠬᠥᠮᠦᠵᠢᠯ᠎ᠤᠨ ᠹᠢᠯᠢᠮ᠎ᠢ ᠦᠵᠡᠬᠦ᠂ ᠠᠷᠢᠭᠤᠨ ᠴᠢᠬᠡᠴᠢ᠎ᠪᠠᠷ ᠵᠠᠰᠠᠭ ᠪᠠᠷᠢᠬᠤ ᠰᠡᠷᠡᠮᠵᠢᠯᠡᠭᠦᠯᠬᠦ ᠬᠥᠮᠦᠵᠢᠯ᠎ᠤᠨ ᠰᠠᠭᠤᠷᠢᠨ ᠭᠠᠵᠠᠷ᠎ᠢ ᠲᠣᠭᠣᠷᠢᠨ ᠦᠵᠡᠬᠦ᠂ ᠣᠯᠣᠯᠲᠠ ᠲᠥᠷᠥᠭᠳᠡᠯ ᠵᠶ᠋ᠡᠨ ᠰᠣᠯᠢᠯᠴᠠᠬᠤ ᠵᠡᠷᠭᠡ ᠠᠷᠭ᠎ᠠ ᠮᠠᠶᠢᠭ ᠵᠶ᠋ᠠᠷ ᠶᠠᠪᠤᠭᠳᠠᠭᠤᠯᠤᠨ᠎ᠠ᠃
ᠲᠢᠩᠬᠢᠮ᠎ᠤᠨ ᠤᠳᠤᠷᠢᠳᠤᠯᠭ᠎ᠠ ᠵᠢᠴᠢ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ᠂ ᠲᠢᠩᠬᠢᠮ᠎ᠤᠨ ᠪᠠᠢ᠌ᠭᠤᠯᠭ᠎ᠠ᠂ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶ᠎ᠠ ᠵᠢᠨ ᠪᠥᠬᠥ ᠨᠠᠮ᠎ᠤᠨ ᠭᠡᠰᠢᠭᠦᠨ ᠺᠠᠳ᠋ᠷ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠂ ᠳᠡᠳ᠋ ᠭᠠᠵᠠᠷ᠎ᠤᠨ ᠳᠡᠰ᠎ᠠᠴᠠ ᠳᠡᠭᠡᠭᠰᠢᠬᠢ ᠨᠠᠮ᠎ᠤᠨ ᠭᠡᠰᠢᠭᠦᠨ ᠺᠠᠳ᠋ᠷ᠂ ᠰᠢᠭᠤᠳ ᠬᠠᠷᠢᠶ᠎ᠠ ᠨᠢᠭᠡᠴᠢ ᠵᠢᠨ ᠡᠯ᠎ᠡ ᠨᠠᠮ᠎ᠤᠨ ᠡᠭᠦᠷ᠎ᠤᠨ ᠱᠦᠵᠢ᠂ ᠭᠡᠰᠢᠭᠦᠨ ᠪᠠ ᠨᠠᠮ᠎ᠤᠨ ᠭᠡᠰᠢᠭᠦᠨ᠎ᠤ ᠲᠥᠯᠥᠭᠡᠯᠡᠭᠴᠢ ᠨᠡᠶ᠋ᠢᠲᠡ 160 ᠭᠠᠷᠤᠢ ᠬᠥᠮᠥᠨ ᠲᠣᠰ ᠤᠳᠠᠭ᠋ᠠᠨ᠎ᠤ ᠨᠣᠮ ᠤᠩᠰᠢᠬᠤ ᠠᠩᠭᠢ᠎ᠳᠤ ᠣᠷᠣᠯᠴᠠᠪᠠ; ᠰᠢᠭᠤᠳ ᠬᠠᠷᠢᠶ᠎ᠠ ᠨᠢᠭᠡᠴᠢ᠎ᠨᠢ ᠲᠥᠰᠥᠯ᠎ᠤᠨ ᠱᠠᠭ᠋ᠠᠷᠳᠠᠯᠭ᠎ᠠ ᠶᠣᠰᠣᠭ᠋ᠠᠷ ᠲᠤᠰ ᠨᠢᠭᠡᠴᠢ ᠵᠢᠨ ᠵᠶ᠋ᠡᠨ ᠰᠤᠷᠤᠯᠴᠠᠯᠭ᠎ᠠ ᠬᠥᠮᠦᠵᠢᠯ᠎ᠤᠨ ᠨᠣᠮ ᠤᠩᠰᠢᠬᠤ ᠠᠩᠭᠢ ᠵᠢ ᠲᠤᠰ ᠲᠤᠰ ᠵᠣᠬᠢᠶᠠᠨ ᠪᠠᠢ᠌ᠭᠤᠯᠵᠤ᠂ ᠨᠠᠮ᠎ᠤᠨ ᠭᠡᠰᠢᠭᠦᠨ᠎ᠢ ᠪᠦᠬᠦᠨ᠎ᠢ ᠬᠠᠮᠤᠷᠬᠤ ᠵᠢ ᠪᠡᠶᠡᠯᠡᠭᠦᠯᠦᠨ᠎ᠡ᠃