ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ · ᠤᠮᠠᠷᠠᠲᠤ ᠬᠢᠯᠢ ᠵᠢᠨ ᠬᠠᠪᠤᠷ᠎ᠤᠨ ᠵᠢᠭᠤᠯᠴᠢᠯᠠᠯ》 2025 ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ (ᠪᠡᠭᠡᠵᠢᠩ)᠎ᠤᠨ ᠲᠠᠨᠢᠯᠴᠠᠭᠤᠯᠭ᠎ᠠ ᠵᠢᠨ ᠬᠤᠷᠠᠯ᠎ᠢ ᠠᠮᠵᠢᠯᠲᠠ᠎ᠲᠠᠢ ᠡᠷᠬᠢᠯᠡᠪᠡ — ᠬᠠᠮᠵᠢᠯᠴᠠᠭ᠋ᠠᠨ᠎ᠤ ᠰᠢᠨ᠎ᠡ ᠠᠶᠠᠰ᠎ᠢ ᠬᠠᠮᠲᠤ᠎ᠪᠠᠷ ᠬᠥᠭᠵᠢᠮᠳᠡᠵᠦ᠂ ᠰᠣᠶᠣᠯ ᠵᠢᠭᠤᠯᠴᠢᠯᠠᠯ᠎ᠤᠨ ᠰᠢᠨ᠎ᠡ ᠬᠠᠭᠤᠳᠠᠰᠤ ᠵᠢ ᠬᠠᠮᠲᠤ᠎ᠪᠠᠷ ᠵᠢᠷᠤᠭᠯᠠᠰᠤᠭ᠋ᠠᠢ》 2025 ᠣᠨ᠎ᠤ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ (ᠪᠡᠭᠡᠵᠢᠩ)᠎ᠤᠨ ᠲᠠᠨᠢᠯᠴᠠᠭᠤᠯᠭ᠎ᠠ ᠵᠢᠨ ᠬᠤᠷᠠᠯ ᠠᠮᠵᠢᠯᠲᠠ᠎ᠲᠠᠢ ᠶᠠᠪᠤᠭᠳᠠᠪᠠ
ᠨᠡᠶᠢᠲᠡᠯᠡᠭᠰᠡᠨ ᠴᠠᠭ᠄ 2025-03-28

     3 ᠳ᠋ᠤᠭ᠋ᠠᠷ ᠰᠠᠷ᠎ᠠ ᠵᠢᠨ 24᠎ᠤ ᠡᠳᠦᠷ᠂ ᠪᠡᠭᠡᠵᠢᠩ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠵᠦ᠂ ᠪᠡᠭᠡᠵᠢᠩ ᠬᠤᠳᠠ ᠵᠢᠨ ᠵᠡᠭᠦᠨ ᠬᠤᠳᠠ ᠲᠣᠭᠣᠷᠢᠭ᠂ ᠬᠠᠶ᠋ᠢᠳᠢᠶᠠᠨ ᠲᠣᠭᠣᠷᠢᠭ᠂ ᠹᠠᠩ ᠱᠠᠨ ᠲᠣᠭᠣᠷᠢᠭ᠂ ᠹᠸᠩ᠎ᠲᠠᠢ ᠲᠣᠭᠣᠷᠢᠭ ᠵᠡᠷᠭᠡ ᠲᠦᠷᠪᠡᠨ ᠲᠣᠭᠣᠷᠢᠭ᠎ᠤᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ᠂ ᠪᠡᠭᠡᠵᠢᠩ ᠬᠤᠳᠠ ᠵᠢᠨ ᠰᠣᠶᠣᠯ ᠪᠠ ᠵᠢᠭᠤᠯᠴᠢᠯᠠᠯ᠎ᠤᠨ ᠨᠡᠢ᠌ᠭᠡᠮᠯᠢᠭ ᠵᠢᠴᠢ ᠬᠢᠩᠭ᠋ᠠᠨ ᠠᠢ᠌ᠮᠠᠭ᠎ᠤᠨ 3 ᠬᠤᠰᠢᠭᠤ᠂ 1 ᠰᠢᠶᠠᠨ᠂ 2 ᠬᠤᠳᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠨᠡᠢ᠌ᠭᠡᠮᠯᠢᠭ᠎ᠤᠨ ᠬᠠᠮᠲᠤᠷᠠᠨ ᠡᠷᠬᠢᠯᠡᠭᠰᠡᠡ《ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ · ᠤᠮᠠᠷᠠᠲᠤ ᠬᠢᠯᠢ ᠵᠢᠨ ᠬᠠᠪᠤᠷ᠎ᠤᠨ ᠵᠢᠭᠤᠯᠴᠢᠯᠠᠯ》 2025 ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ (ᠪᠡᠭᠡᠵᠢᠩ)᠎ᠤᠨ ᠲᠠᠨᠢᠯᠴᠠᠭᠤᠯᠭ᠎ᠠ ᠵᠢᠨ ᠬᠤᠷᠠᠯ᠎ᠢ ᠠᠮᠵᠢᠯᠲᠠ᠎ᠲᠠᠢ ᠡᠷᠬᠢᠯᠡᠪᠡ — ᠬᠠᠮᠵᠢᠯᠴᠠᠭ᠋ᠠᠨ᠎ᠤ ᠰᠢᠨ᠎ᠡ ᠠᠶᠠᠰ᠎ᠢ ᠬᠠᠮᠲᠤᠪᠠᠷ ᠬᠥᠭᠵᠢᠮᠳᠡᠵᠦ᠂ ᠰᠣᠶᠣᠯ ᠵᠢᠭᠤᠯᠴᠢᠯᠠᠯ᠎ᠤᠨ ᠰᠢᠨ᠎ᠡ ᠬᠠᠭᠤᠳᠠᠰᠤ ᠵᠢ ᠬᠠᠮᠲᠤᠪᠠᠷ ᠵᠢᠷᠤᠭᠯᠠᠰᠤᠭ᠋ᠠᠢ》 2025 ᠣᠨ᠎ᠤ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ (ᠪᠡᠭᠡᠵᠢᠩ)᠎ᠤᠨ ᠲᠠᠨᠢᠯᠴᠠᠭᠤᠯᠭ᠎ᠠ ᠵᠢᠨ ᠬᠤᠷᠠᠯ ᠠᠮᠵᠢᠯᠲᠠ᠎ᠲᠠᠢ ᠶᠠᠪᠤᠭᠳᠠᠪᠠ᠃

      ᠪᠡᠭᠡᠵᠢᠩ ᠬᠤᠳᠠ ᠵᠢᠨ ᠵᠡᠭᠦᠨ ᠬᠤᠳᠠ ᠲᠣᠭᠣᠷᠢᠭ᠂ ᠬᠠᠶ᠋ᠢᠳᠢᠶᠠᠨ ᠲᠣᠭᠣᠷᠢᠭ᠂ ᠹᠠᠩ ᠱᠠᠨ ᠲᠣᠭᠣᠷᠢᠭ᠂ ᠹᠸᠩ᠎ᠲᠠᠢ ᠲᠣᠭᠣᠷᠢᠭ ᠵᠡᠷᠭᠡ ᠲᠦᠷᠪᠡᠨ ᠲᠣᠭᠣᠷᠢᠭ᠎ᠤᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠤᠳᠤᠷᠢᠳᠤᠯᠭ᠎ᠠ᠂ ᠬᠢᠩᠭ᠋ᠠᠨ ᠠᠢ᠌ᠮᠠᠭ᠎ᠤᠨ ᠵᠠᠬᠢᠷᠭ᠎ᠠ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠣᠶᠣᠯ ᠵᠢᠭᠤᠯᠴᠢᠯᠠᠯ᠎ᠤᠨ ᠪᠡᠯᠡ ᠣᠷᠣᠭᠤᠯᠤᠯᠲᠠ ᠵᠢᠨ ᠪᠦᠯᠦᠭᠯᠡᠯ ᠵᠡᠷᠭᠡ ᠬᠠᠮᠢᠶ᠎ᠠ ᠪᠦᠬᠦᠢ ᠨᠢᠭᠡᠴᠢ ᠵᠢᠨ ᠤᠳᠤᠷᠢᠳᠤᠯᠭ᠎ᠠ ᠲᠤᠰ ᠤᠳᠠᠭ᠎ᠠ ᠵᠢᠨ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ ᠴᠤᠭᠯᠠᠷᠠᠪᠠ᠃ ᠡᠭᠦᠨ᠎ᠤ ᠬᠠᠮᠲᠤ᠂ ᠪᠡᠭᠡᠵᠢᠩ ᠬᠣᠲᠠ ᠪᠣᠯᠣᠨ ᠬᠢᠩᠭ᠋ᠠᠨ ᠠᠢ᠌ᠮᠠᠭ᠎ᠤᠨ ᠵᠢᠭᠤᠯᠴᠢᠯᠠᠯ᠎ᠤᠨ ᠠᠵᠤ ᠠᠬᠤᠢ᠌ᠯᠠᠯ᠂ ᠵᠢᠭᠤᠯᠴᠢᠯᠠᠯ᠎ᠤᠨ ᠬᠤᠷᠢᠶ᠎ᠠ᠂ ᠵᠢᠭᠤᠯᠴᠢᠯᠠᠯ᠎ᠤᠨ ᠨᠡᠢ᠌ᠭᠡᠮᠯᠢᠭ᠎ᠤᠨ ᠲᠥᠯᠥᠭᠡᠯᠡᠭᠴᠢ ᠵᠢᠴᠢ ᠳᠤᠮᠳᠠᠳᠤ ᠤᠯᠤᠰ᠎ᠤᠨ ᠵᠢᠭᠤᠯᠴᠢᠯᠠᠯ᠎ᠤᠨ ᠰᠣᠨᠢᠨ᠂ ᠬᠢᠩᠭ᠋ᠠᠨ ᠠᠢ᠌ᠮᠠᠭ᠎ᠤᠨ ᠬᠠᠮ ᠵᠠᠭᠤᠴᠢᠯᠠᠭᠤᠷ᠎ᠤᠨ ᠲᠥᠪ ᠵᠡᠷᠭᠡ ᠵᠠᠭᠤᠴᠢᠯᠠᠭᠤᠷ᠎ᠤᠨ ᠲᠥᠯᠥᠭᠡᠯᠡᠭᠴᠢ 200 ᠰᠢᠬᠠᠮ ᠬᠦᠮᠦᠨ ᠲᠤᠰ ᠨᠠᠢ᠌ᠷ᠎ᠲᠤ ᠰᠠᠭ᠋ᠠᠳᠠᠪᠠ᠃


      ᠡᠨᠡ ᠪᠣᠯ 《ᠪᠡᠭᠡᠵᠢᠩ ᠥᠪᠥᠷ ᠮᠣᠩᠭᠣᠯ ᠰᠡᠳᠬᠢᠯ ᠨᠢᠭᠡᠳᠴᠦ》 ᠦᠭᠡᠳᠡ ᠦᠭᠡᠳᠡ᠎ᠪᠠᠨ ᠲᠡᠮᠡᠦᠯᠦᠭᠰᠡᠨ ᠶᠠᠪᠤᠳᠠᠯ ᠪᠣᠯᠬᠤ ᠪᠥᠭᠡᠳ ᠪᠠᠰᠠ ᠴᠤ᠌ ᠨᠢᠭᠡ ᠤᠳᠠᠭ᠎ᠠ ᠵᠢᠨ 《ᠤᠮᠠᠷᠠᠲᠤ ᠬᠢᠯᠢ ᠵᠢᠨ ᠬᠠᠪᠤᠷ᠎ᠤᠨ ᠪᠣᠯᠵᠣᠭ᠎ᠠ》 ᠵᠢᠨ ᠬᠠᠯᠠᠭᠤᠨ ᠤᠷᠢᠯᠭ᠎ᠠ ᠪᠣᠯᠣᠨ᠎ᠠ᠃ ᠪᠡᠭᠡᠵᠢᠩ ᠥᠪᠥᠷ ᠮᠣᠩᠭᠣᠯ᠎ᠤᠨ ᠠᠵᠢᠯ ᠲᠦᠷᠦᠯ᠎ᠤᠨ ᠰᠢᠰᠲ᠋ᠧᠮ ᠵᠶ᠋ᠡᠷ ᠵᠶ᠋ᠡᠨ ᠬᠠᠮᠵᠢᠯᠴᠠᠬᠤ ᠴᠢᠬᠤᠯᠠ ᠰᠣᠶᠣᠯ   ᠵᠢᠭᠤᠯᠴᠢᠯᠠᠯ᠎ᠤᠨ ᠦᠪᠡᠳᠡᠭᠰᠢ ᠶᠠᠪᠤᠳᠠᠯ ᠪᠣᠯᠤᠭᠰᠠᠨ᠎ᠤ ᠬᠤᠪᠢ᠎ᠳᠤ᠂ ᠳᠡᠯᠭᠡᠨ ᠦᠵᠡᠭᠦᠯᠭᠡ᠂ ᠤᠷᠠᠨ ᠰᠠᠢ᠌ᠬᠠᠨ᠎ᠤ ᠲᠣᠭᠯᠠᠯᠲᠠ᠂ ᠰᠣᠶᠣᠯ ᠵᠢᠭᠤᠯᠴᠢᠯᠠᠯ᠎ᠤᠨ ᠲᠠᠨᠢᠯᠴᠠᠭᠤᠯᠭ᠎ᠠ᠂ ᠠᠵᠤ ᠠᠬᠤᠢ᠌ᠯᠠᠯ᠎ᠤᠨ ᠰᠠᠭᠤᠳᠠᠯ᠎ᠤᠨ ᠬᠤᠷᠠᠯ ᠵᠡᠷᠭᠡ ᠤᠯᠠᠨ ᠵᠦᠢ᠍ᠯ᠎ᠤᠨ ᠬᠡᠯᠪᠡᠷᠢ᠎ᠪᠠᠷ ᠳᠠᠮᠵᠢᠭᠤᠯᠵᠤ ᠤᠮᠠᠷᠠᠲᠤ ᠬᠢᠯᠢ ᠵᠢᠨ ᠰᠣᠶᠣᠯ ᠵᠢᠭᠤᠯᠴᠢᠯᠠᠯ᠎ᠤᠨ ᠰᠢᠨ᠎ᠡ ᠦᠵᠡᠮᠵᠢ ᠵᠢ ᠪᠦᠬᠦ ᠲᠠᠯ᠎ᠠ᠎ᠪᠠᠷ ᠳᠡᠯᠭᠡᠨ ᠦᠵᠡᠭᠦᠯᠵᠦ᠂ ᠨᠡᠢ᠌ᠰᠯᠡᠯ᠎ᠤᠨ ᠬᠤᠳᠠ ᠵᠢᠨ ᠠᠷᠠᠳ᠎ᠲᠤ 《ᠰᠢᠯᠦᠭ ᠪᠠ ᠠᠯᠤᠰ》 ᠬᠠᠪᠤᠷ᠎ᠤᠨ ᠡᠳᠦᠷ᠎ᠤᠨ ᠤᠷᠢᠯᠭ᠎ᠠ ᠵᠢ ᠳᠡᠪᠰᠢᠭᠦᠯᠵᠡᠢ᠃

      ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠋ᠠᠨ᠎ᠳᠤ ᠬᠥᠭᠥᠷᠭᠡ ᠲᠠᠯᠪᠢᠵᠤ᠂ ᠤᠮᠠᠷᠠᠲᠤ ᠬᠢᠯᠢ ᠵᠢᠨ ᠰᠢᠨ᠎ᠡ ᠬᠦᠰᠡᠯ ᠵᠡᠭᠦᠳᠦ ᠵᠢ ᠬᠠᠮᠲᠤ᠎ᠪᠠᠷ ᠲᠡᠷᠭᠡᠯᠰᠢᠭᠦᠯᠦᠨ᠎ᠡ᠃ ᠣᠢ᠌ᠷ᠎ᠠ ᠵᠢᠨ ᠵᠢᠯ᠎ᠠᠴᠠ᠂ ᠪᠡᠭᠡᠵᠢᠩ ᠬᠤᠳᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠮᠥᠴᠢᠷ᠎ᠤᠨ ᠬᠦᠴᠦᠲᠡᠢ ᠳᠡᠮᠵᠢᠯᠭᠡ ᠳᠣᠣᠷ᠎ᠠ᠂ ᠬᠣᠶᠠᠷ ᠭᠠᠵᠠᠷ᠎ᠤᠨ᠎ᠬᠢᠨ ᠠᠶᠠᠨᠴᠢᠳ᠎ᠤᠨ ᠢᠷᠡᠯᠲᠡ ᠵᠢ ᠬᠠᠷᠢᠯᠴᠠᠨ ᠬᠦᠷᠭᠡᠬᠦ᠎ᠠᠴᠠ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ ᠪᠤᠯᠵᠤ᠂ ᠬᠣᠯᠪᠤᠭ᠋ᠠᠯᠠᠨ ᠪᠤᠷᠤᠯᠠᠭᠤᠯᠵᠤ ᠪᠠᠢ᠌ᠭᠰᠠᠨ᠎ᠠᠴᠠ ᠲᠦᠷᠦᠯ ᠲᠡᠮᠳᠡᠭ᠎ᠢ ᠬᠠᠮᠲᠤ᠎ᠪᠠᠷ ᠪᠠᠶ᠋ᠢᠭᠤᠯᠬᠤ ᠪᠤᠯᠵᠤ᠂ ᠴᠢᠳᠠᠪᠤᠷᠢᠲᠠᠨ᠎ᠤ ᠰᠣᠯᠢᠯᠴᠠᠭ᠎ᠠ ᠬᠢᠵᠦ ᠪᠠᠢ᠌ᠭᠰᠠᠨ᠎ᠠᠴᠠ ᠵᠠᠭᠪᠤᠷ᠎ᠢ ᠬᠠᠮᠲᠤ᠎ᠪᠠᠷ ᠡᠳ᠋ᠯᠡᠬᠦ ᠪᠤᠯᠵᠤ᠂ ᠤᠷᠤᠯᠳᠤᠭ᠋ᠠᠨ᠎ᠤ ᠶᠠᠪᠤᠳᠠᠯ᠎ᠢ ᠬᠣᠯᠪᠤᠭ᠋ᠠᠯᠠᠨ ᠬᠥᠳᠡᠯᠦᠯᠴᠡᠬᠦ ᠪᠠᠢ᠌ᠭᠰᠠᠨ᠎ᠠᠴᠠ ᠤᠶᠤᠨ ᠤᠬᠠᠭ᠋ᠠᠨ᠎ᠢ ᠬᠠᠮᠲᠤ᠎ᠪᠠᠷ ᠪᠠᠶ᠋ᠢᠭᠤᠯᠬᠤ ᠪᠤᠯᠵᠤ᠂ ᠬᠢᠵᠠᠭ᠋ᠠᠷ᠎ᠢ ᠳᠠᠰᠤᠷᠠᠯᠳᠠ ᠦᠭᠡᠢ ᠰᠢᠪᠲᠤᠯᠵᠤ᠂ ᠭᠦᠨᠵᠡᠭᠡᠢ ᠬᠠᠮᠵᠢᠯᠴᠠᠬᠤ ᠠᠷᠭ᠎ᠠ ᠵᠠᠮ᠎ᠢ ᠬᠦᠴᠦᠯᠡᠨ ᠨᠡᠭᠡᠭᠡᠵᠦ᠂ ᠪᠦᠬᠦ ᠬᠦᠴᠦᠨ ᠵᠶ᠋ᠡᠷ ᠵᠶ᠋ᠡᠨ ᠬᠠᠮᠲᠤᠷᠠᠯᠴᠠᠭ᠋ᠠᠨ᠎ᠤ ᠰᠢᠨ᠎ᠡ ᠵᠠᠭᠪᠤᠷ᠎ᠢ ᠡᠭᠦᠳᠴᠡᠢ᠃ ᠲᠣᠰ ᠤᠳᠠᠭ᠋ᠠᠨ᠎ᠤ ᠲᠠᠨᠢᠯᠴᠠᠭᠤᠯᠭ᠎ᠠ ᠵᠢᠨ ᠬᠤᠷᠠᠯ᠎ᠢ ᠠᠮᠵᠢᠯᠲᠠ᠎ᠲᠠᠢ ᠡᠷᠭᠢᠯᠡᠭᠰᠡᠨ᠎ᠨᠢ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠯᠤᠲᠤ ᠶᠡᠬᠡ ᠳᠠᠯᠳᠠ ᠬᠦᠴᠦᠨ᠎ᠢ ᠪᠥᠬᠥ ᠲᠠᠯ᠎ᠠ᠎ᠪᠠᠷ ᠳᠡᠯᠭᠡᠨ ᠦᠵᠡᠭᠦᠯᠦᠭᠰᠡᠨ ᠪᠥᠭᠡᠳ ᠪᠡᠭᠡᠵᠢᠩ ᠦᠪᠦᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠬᠠᠮᠵᠢᠯᠴᠠᠭ᠎ᠠ᠎ᠳᠤ ᠥᠷᠭᠡᠨ ᠠᠭᠤᠳᠠᠮ ᠲᠠᠪᠴᠠᠩ ᠬᠠᠩᠭ᠋ᠠᠭᠰᠠᠨ ᠪᠠᠢ᠌ᠨ᠎ᠠ᠃ ᠢᠷᠡᠭᠡᠳᠦᠢ᠎ᠳᠤ ᠪᠡᠭᠡᠵᠢᠩ ᠥᠪᠥᠷ ᠮᠣᠩᠭᠣᠯ ᠬᠣᠶᠠᠷ ᠭᠠᠵᠠᠷ ᠬᠠᠮᠲᠤᠷᠠᠨ ᠠᠵᠢᠯᠯᠠᠬᠤ ᠰᠢᠨ᠎ᠡ ᠠᠶᠠᠰ᠎ᠢ ᠬᠠᠮᠲᠤ᠎ᠪᠠᠷ ᠬᠥᠭᠵᠢᠮᠳᠡᠵᠦ᠂ ᠰᠣᠶᠣᠯ ᠵᠢᠭᠤᠯᠴᠢᠯᠠᠯ᠎ᠤᠨ ᠰᠢᠨ᠎ᠡ ᠬᠠᠭᠤᠳᠠᠰᠤ   ᠵᠢ ᠬᠠᠮᠲᠤ᠎ᠪᠠᠷ ᠵᠢᠷᠤᠭᠯᠠᠬᠤ᠎ᠨᠢ ᠯᠠᠪᠲᠠᠢ᠃

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            