ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠵᠠᠯᠠᠭᠤᠴᠤᠳ᠎ᠤᠨ ᠤᠨᠤᠯ᠎ᠤᠨ ᠰᠤᠷᠤᠯᠴᠠᠯᠭ᠎ᠠ ᠵᠢᠨ ᠳᠤᠭᠤᠶ᠋ᠢᠯᠠᠩ 2025 ᠣᠨ᠎ᠤ ᠠᠩᠬᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠬᠠᠮᠲᠤ ᠵᠢᠨ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠵᠢ ᠥᠷᠨᠢᠭᠦᠯᠪᠡ
ᠨᠡᠶᠢᠲᠡᠯᠡᠭᠰᠡᠨ ᠴᠠᠭ᠄ 2025-05-24

    ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ   ᠲᠤᠭᠤᠰᠢᠯᠠᠭᠤᠯᠵᠤ᠂ ᠵᠠᠯᠠᠭᠤ ᠺᠠᠳ᠋ᠷᠴᠤᠳ᠎ᠤᠨ ᠰᠤᠷᠤᠯᠴᠠᠯᠭ᠎ᠠ ᠬᠥᠮᠦᠵᠢᠯ᠎ᠢ ᠴᠢᠩᠭ᠎ᠠ ᠠᠳᠬᠤᠨ ᠪᠣᠳᠠᠲᠠᠢ ᠠᠳᠬᠤᠬᠤ ᠵᠢᠨ ᠲᠥᠯᠥᠭᠡ᠂ 5 ᠳ᠋ᠤᠭ᠋ᠠᠷ ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠪᠠᠶ᠋ᠢᠭᠤᠯᠭ᠎ᠠ ᠵᠢᠨ ᠵᠠᠯᠠᠭᠤᠴᠤᠳ᠎ᠤᠨ ᠤᠨᠤᠯ ᠎ᠤᠨ ᠰᠤᠷᠤᠯᠴᠠᠯᠭ᠎ᠠ ᠵᠢᠨ ᠳᠤᠭᠤᠶ᠋ᠢᠯᠠᠩ᠎ᠤᠨ᠎ᠬᠢᠨ 2025 ᠣᠨ᠎ᠤ ᠠᠩᠬᠠᠳᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠬᠠᠮᠲᠤ ᠵᠢᠨ ᠰᠤᠷᠤᠯᠴᠠᠯᠭ᠎ᠠ ᠰᠤᠳᠤᠯᠤᠨ   ᠶᠠᠷᠢᠯᠴᠠᠭ᠎ᠠ ᠵᠢ ᠥᠷᠨᠢᠭᠦᠯᠵᠡᠢ᠃
    ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳᠤᠮᠳᠠ ᠵᠠᠯᠠᠭᠤ ᠺᠠᠳ᠋ᠷᠴᠤᠳ᠎ᠤᠨ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢ ᠤᠯᠠᠮ ᠴᠢᠨᠠᠭᠰᠢᠳᠠ ᠰᠠᠶ᠋ᠢᠲᠤᠷ ᠠᠳᠬᠤᠵᠤ᠂ ᠤᠨᠤᠯ᠎ᠤᠨ ᠰᠤᠷᠤᠯᠴᠠᠯᠭ᠎ᠠ ᠵᠢ ᠦᠷᠭᠦᠯᠵᠢᠯᠡᠨ ᠬᠦᠨᠵᠡᠬᠡᠢ᠌ᠷᠡᠬᠦᠯᠦᠨ᠂ ᠵᠠᠯᠠᠭᠤ ᠺᠠᠳ᠋ᠷᠴᠤᠳ᠎ᠤᠨ ᠰᠠᠬᠢᠯᠭ᠎ᠠ ᠪᠠᠲᠤ ᠵᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ᠎ᠢ ᠴᠢᠩᠭ᠋ᠠᠳᠬᠠᠵᠤ᠂ ᠵᠠᠯᠠᠭᠤ ᠺᠠᠳ᠋ᠷᠴᠤᠳ᠎ᠤᠨ ᠪᠣᠳᠠᠲᠠᠢ ᠵᠢ ᠡᠷᠬᠢᠮᠯᠡᠬᠦ ᠰᠤᠷᠲᠠᠯ᠎ᠢ ᠪᠠᠳᠠᠷᠠᠭᠤᠯᠬᠤ᠂ ᠠᠷᠢᠭᠤᠨ ᠴᠢᠬᠡᠴᠢ ᠰᠤᠷᠲᠠᠯ᠎ᠢ   ᠰᠤᠷᠲᠠᠯᠴᠢᠯᠠᠬᠤ᠂ ᠠᠷᠪᠢᠴᠢ ᠪᠣᠷᠣᠭᠵᠢᠭᠤᠨ ᠰᠤᠷᠲᠠᠯ᠎ᠢ ᠪᠤᠢ   ᠪᠤᠯᠭ᠋ᠠᠬᠤ ᠵᠢ ᠬᠦᠲᠦᠯᠦᠨ ᠵᠢᠯᠤᠭᠤᠳᠴᠤ᠂ ᠵᠠᠯᠠᠭᠤ ᠺᠠᠳ᠋ᠷᠴᠤᠳ᠎ᠤᠨ ᠨᠡᠩ ᠰᠢᠯᠢᠳᠡᠭ ᠰᠠᠢ᠍ᠢ᠍ᠨ ᠰᠤᠷᠲᠠᠯ ᠵᠶ᠋ᠠᠷ ᠣᠳᠣᠬᠢᠴᠢᠯᠠᠭᠰᠠᠨ ᠥᠪᠥᠷ ᠮᠣᠩᠭᠣᠯ᠎ᠢ ᠪᠦᠳᠦᠭᠡᠨ ᠪᠠᠶ᠋ᠢᠭᠤᠯᠬᠤ᠎ᠳᠤ ᠬᠦᠴᠦᠨ ᠴᠢᠳᠠᠯ ᠵᠶ᠋ᠠᠨ ᠡᠷᠭᠦᠬᠦ ᠵᠢ ᠠᠬᠢᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
          
ᠬᠠᠮᠢᠶ᠎ᠡ ᠪᠦᠬᠦᠢ ᠰᠣᠨᠢᠨ
 
            