ᠤᠮᠠᠷᠠᠲᠤ ᠬᠢᠵᠠᠭ᠋ᠠᠷ᠎ᠤᠨ ᠰᠣᠶᠣᠯ ᠬᠤᠪᠢᠯᠭ᠋ᠠᠨ ᠣᠷᠣᠨ ᠵᠶ᠋ᠠᠷ ᠠᠶᠠᠯᠠᠵᠤ᠂ ᠤᠯᠠᠭ᠋ᠠᠨᠮᠥ᠋ᠴᠢᠷ ᠰᠤᠷᠭ᠋ᠠᠭᠤᠯᠢ ᠵᠢᠨ ᠬᠦᠷᠢᠶᠡᠨ᠎ᠳᠤ ᠤᠷᠤᠨ᠎ᠠ᠃ 4 ᠳ᠋ᠤᠭᠡᠷ ᠰᠠᠷ᠎ᠠ ᠵᠢᠨ 1᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ ᠤᠷᠢᠯᠭ᠎ᠠ᠎ᠪᠠᠷ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭ᠋ᠠᠭᠤᠯᠢ ᠵᠢᠨ ᠬᠠᠷᠢᠶᠠᠲᠤ ᠳᠤᠮᠳᠠᠳᠤ ᠰᠤᠷᠭ᠋ᠠᠭᠤᠯᠢ᠎ᠳᠤ ᠬᠦᠷᠴᠦ 《ᠶᠠᠭ᠋ᠠᠬᠢᠭ᠋ᠠᠳ ᠳᠤᠮᠳᠠᠳᠤ ᠤᠯᠤᠰ ᠭᠡᠳᠡᠭ ᠪᠤᠢ》 ᠭᠡᠬᠦ ᠭᠣᠣᠯ ᠰᠡᠳᠦᠪᠲᠦ ᠰᠤᠷᠭ᠋ᠠᠭᠤᠯᠢ ᠵᠢᠨ ᠬᠦᠷᠢᠶᠡᠨ᠎ᠤ ᠤᠯᠠᠮᠵᠢᠯᠠᠯᠲᠤ ᠰᠣᠶᠣᠯ ᠤᠷᠠᠯᠢᠭ᠎ᠤᠨ ᠨᠠᠢ᠌ᠷ᠎ᠤᠨ ᠡᠬᠢᠯᠡᠯᠲᠡ ᠵᠢᠨ ᠶᠣᠰᠣᠯᠠᠯ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠠᠭ᠋ᠠᠨᠮᠥ᠋ᠴᠢᠷ᠎ᠤᠨ ᠰᠤᠷᠭ᠋ᠠᠭᠤᠯᠢ ᠵᠢᠨ ᠬᠦᠷᠢᠶᠡᠨ᠎ᠳᠤ ᠣᠷᠣᠬᠤ ᠲᠣᠭᠯᠠᠯᠲᠠ ᠵᠢᠨ ᠠᠵᠢᠯᠯᠠᠭ᠎ᠠ ᠥᠷᠨᠢᠭᠦᠯᠪᠡ᠃ ᠮᠣᠷᠢᠨ ᠬᠤᠭᠤᠷ᠎ᠤᠨ ᠬᠦᠭ ᠠᠶᠠᠰ ᠵᠠᠯᠠᠭᠤᠴᠤᠳ᠎ᠤᠨ ᠰᠡᠳᠬᠢᠯ᠎ᠢ ᠰᠡᠷᠭᠦᠭᠡᠵᠦ᠂ ᠲᠠᠯ᠎ᠠ ᠨᠤᠲᠤᠭ᠎ᠤᠨ ᠪᠥᠵᠢᠭ᠎ᠤᠨ ᠠᠯᠬᠤᠭ᠎ᠠ ᠳᠠᠢ᠌ᠰᠠᠨᠤ ᠲᠤᠭᠯᠠᠯᠲᠠ ᠵᠢ ᠬᠥᠭᠵᠢᠭᠡᠵᠦ᠂ ᠤᠷᠳᠤ ᠵᠢᠨ ᠳᠠᠭᠤᠤ ᠵᠢᠨ ᠬᠦᠩᠭᠢᠨᠡᠮ᠎ᠡ ᠠᠶᠠᠯᠭᠤ ᠵᠠᠯᠠᠭᠤ ᠨᠠᠰᠤᠨ᠎ᠤ ᠰᠡᠳᠬᠢᠯ᠎ᠢ ᠬᠥᠳᠡᠯᠭᠡᠬᠦ᠎ᠲᠠᠢ ᠵᠡᠷᠭᠡ ᠰᠢᠭᠤᠳ ᠬᠠᠷᠢᠶ᠎ᠠ ᠤᠯᠠᠭ᠋ᠠᠨᠮᠥ᠋ᠴᠢᠷ ᠡᠨᠡ ᠬᠦ᠌ ᠥᠨᠢ ᠤᠳᠠᠭ᠋ᠠᠨ ᠲᠡᠦᠬᠡ᠎ᠲᠠᠢ᠂ ᠡᠷᠳᠡᠮᠲᠡᠨ ᠴᠢᠳᠠᠪᠤᠷᠢᠲᠠᠨ ᠴᠣᠯᠭᠣᠷᠠᠭᠰᠠᠨ ᠰᠤᠷᠭ᠋ᠠᠭᠤᠯᠢ ᠵᠢᠨ ᠬᠦᠷᠢᠶᠡᠨ᠎ᠳᠤ ᠠᠭᠤᠯᠠ ᠤᠰᠤ ᠵᠢ ᠠᠯᠤᠰᠯᠠᠭᠰᠠᠨ ᠰᠣᠶᠣᠯ᠎ᠤᠨ ᠠᠭᠤᠯᠵᠠᠯᠲᠠ ᠵᠢ ᠪᠡᠶᠡᠯᠡᠭᠦᠯᠵᠡᠢ! ᠡᠨᠡ ᠤᠳᠠᠭ᠋ᠠᠨ᠎ᠤ ᠭᠣᠢ᠌ᠳᠠ ᠰᠠᠢ᠌ᠬᠠᠨ ᠲᠣᠭᠯᠠᠯᠲᠠ᠎ᠨᠢ ᠤᠮᠠᠷᠠᠲᠤ ᠬᠢᠵᠠᠭ᠋ᠠᠷ ᠤᠨ ᠰᠣᠶᠣᠯ᠎ᠤᠨ ᠬᠡᠷᠡᠯ ᠭᠢᠯᠪᠠᠭ᠎ᠠ᠎ᠪᠠᠷ ᠰᠤᠷᠭ᠋ᠠᠭᠤᠯᠢ ᠵᠢᠨ ᠬᠦᠷᠢᠶᠡᠨ᠎ᠤ ᠭᠤᠸ᠎ᠠ ᠰᠠᠢ᠌ᠬᠠᠨ᠎ᠤ ᠬᠥᠮᠦᠵᠢᠯ᠎ᠤᠨ ᠣᠭᠲᠠᠷᠭᠤᠢ ᠵᠢ ᠭᠡᠢ᠌ᠭᠦᠯᠵᠦ᠂ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ》 ᠤᠳᠬ᠎ᠠ ᠤᠷᠠᠯᠢᠭ ᠦᠵᠡᠯ ᠰᠠᠨᠠᠭ᠎ᠠ ᠤᠯᠤᠰ ᠲᠦᠷᠦ ᠵᠢᠨ ᠠᠮᠢᠳᠤᠯᠢᠭ ᠬᠢᠴᠢᠶᠡᠯ ᠵᠶ᠋ᠡᠷ ᠰᠤᠷᠤᠬ᠍ᠴᠢ ᠨᠢᠭᠡᠪᠦᠷᠢ᠎ᠳᠤ ᠤᠷᠠᠯᠢᠭ᠎ᠤᠨ ᠰᠢᠮ᠎ᠡ ᠳᠤᠮᠳᠠ᠎ᠠᠴᠠ ᠳᠤᠮᠳᠠᠳᠤ ᠵᠢᠨ ᠰᠣᠶᠣᠯ᠎ᠤᠨ ᠥᠷᠭᠡᠨ ᠳᠡᠯᠭᠡᠷ ᠭᠦᠨ ᠭᠦᠨᠵᠡᠭᠡᠢ ᠵᠢ ᠮᠡᠳᠡᠷᠡᠭᠦᠯᠵᠦ᠂ ᠤᠮᠠᠷᠠᠲᠤ ᠬᠢᠵᠠᠭ᠋ᠠᠷ ᠤᠨ ᠰᠣᠶᠣᠯ᠎ᠤᠨ ᠥᠪᠡᠷᠮᠢᠴᠡ ᠷᠢᠳᠢ ᠰᠢᠳᠢ ᠵᠢ ᠤᠢ᠌ᠯᠠᠭ᠋ᠠᠭᠤᠯᠵᠠᠢ!