ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠤᠯᠠᠭ᠋ᠠᠨᠮᠥ᠋ᠴᠢᠷ᠎ᠤᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠵᠢᠨ ᠲᠥᠷᠥᠯ ᠵᠦᠢᠯ《ᠪᠥᠬᠥ ᠬᠣᠰᠢᠭᠤᠨ᠎ᠤ ᠰᠢᠯᠢᠳᠡᠭ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠲᠥᠷᠥᠯ ᠵᠦᠢᠯ》ᠵᠶ᠋ᠠᠷ ᠦᠨᠡᠯᠡᠭᠳᠡᠪᠡ
ᠨᠡᠶᠢᠲᠡᠯᠡᠭᠰᠡᠨ ᠴᠠᠭ᠄ 2022-03-31

     3 ᠳ᠋ᠤᠭ᠋ᠠᠷ ᠰᠠᠷ᠎ᠠ ᠵᠢᠨ 21᠎ᠤ ᠡᠳᠦᠷ᠂《2022 ᠣᠨ᠎ᠤ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠲᠥᠪ᠎ᠢ ᠥᠷᠭᠡᠳᠬᠡᠬᠦ ᠪᠥᠲᠥᠭᠡᠨ ᠪᠠᠢ᠌ᠭᠤᠯᠤᠯᠲᠠ ᠵᠢᠨ ᠠᠵᠢᠯ᠎ᠢ ᠠᠬᠢᠭᠤᠯᠬᠤ ᠬᠤᠷᠠᠯ ᠵᠢᠴᠢ ᠰᠢᠯᠢᠳᠡᠭ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯ᠎ᠢ ᠬᠥᠬᠢᠭᠦᠯᠦᠨ ᠰᠠᠢ᠌ᠰᠢᠶᠠᠬᠤ ᠶᠡᠬᠡ ᠬᠤᠷᠠᠯ》ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠬᠤᠷᠠᠯ᠎ᠤᠨ ᠶᠠᠪᠤᠳᠠᠯ᠎ᠤᠨ ᠲᠥᠪ᠎ᠲᠤ ᠶᠠᠪᠤᠭᠳᠠᠵᠤ᠂ ᠤᠯᠠᠭ᠋ᠠᠨᠮᠥ᠋ᠴᠢᠷ᠎ᠤᠨ《ᠪᠣᠯᠪᠠᠰᠤᠨ ᠰᠤᠶᠤᠯ ᠬᠦᠷᠭᠡᠬᠦ᠂ ᠪᠠᠶᠠᠷ ᠪᠠᠶᠠᠰᠤᠯ ᠬᠦᠷᠭᠡᠬᠦ》ᠰᠠᠢ᠌ᠨ ᠳᠤᠷ᠎ᠠ ᠵᠢᠨ ᠦᠢᠯᠡᠴᠢᠯᠡᠭᠡᠨ᠎ᠤ ᠲᠥᠷᠥᠯ ᠵᠦᠢᠯ᠎ᠨᠢ《ᠪᠥᠬᠥ ᠬᠣᠰᠢᠭᠤᠨ᠎ᠤ ᠰᠢᠯᠢᠳᠡᠭ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠲᠥᠷᠥᠯ ᠵᠦᠢᠯ》ᠵᠶ᠋ᠠᠷ ᠦᠨᠡᠯᠡᠭᠳᠡᠪᠡ᠃
      《ᠪᠣᠯᠪᠠᠰᠤᠨ ᠰᠤᠶᠤᠯ ᠬᠦᠷᠭᠡᠬᠦ᠂ ᠪᠠᠶᠠᠷ ᠪᠠᠶᠠᠰᠤᠯ ᠬᠦᠷᠭᠡᠬᠦ》ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠵᠢᠨ ᠲᠥᠷᠥᠯ ᠵᠦᠢᠯ᠎ᠢ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠤᠯᠠᠭ᠋ᠠᠨᠮᠥ᠋ᠴᠢᠷ᠎ᠠᠴᠠ ᠡᠬᠢᠯᠡᠭᠦᠯᠵᠦ᠂ ᠣᠯᠠᠨ ᠲᠦᠮᠡᠨ᠎ᠳᠤ ᠨᠠᠩ ᠰᠠᠢ᠌ᠲᠤᠷ ᠦᠢᠯᠡᠴᠢᠯᠡᠬᠦ ᠵᠢᠨ ᠲᠥᠯᠥᠭᠡ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠦᠨᠳᠦᠰᠦᠯᠡᠨ᠂ ᠭᠠᠵᠠᠷ ᠣᠷᠣᠨ᠎ᠤ ᠣᠨᠴᠠᠯᠢᠭ᠎ᠲᠠᠢ᠎ᠪᠠᠨ ᠤᠶᠠᠯᠳᠤᠭᠤᠯᠤᠨ᠂ 6 ᠪᠠᠭ᠎ᠠ ᠰᠠᠯᠪᠤᠷᠢ ᠠᠩᠭᠢ ᠪᠠᠢ᠌ᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢ᠌ᠷᠡᠨ《ᠤᠳᠬ᠎ᠠ ᠤᠷᠠᠯᠢᠭ᠎ᠤᠨ ᠦᠢᠯᠡᠴᠢᠯᠡᠭᠡ》ᠵᠢᠨ ᠨᠠᠷᠢᠨ ᠲᠠᠩᠰᠠ ᠵᠢ ᠲᠣᠭᠲᠠᠭ᠋ᠠᠪᠠ᠃ 2021 ᠣᠨ᠎ᠳᠤ᠂ ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠤᠯᠠᠭ᠋ᠠᠨᠮᠥ᠋ᠴᠢᠷ᠎ᠤᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠩᠭᠢ ᠠᠷᠠᠳ᠎ᠤᠨ ᠤᠳᠬ᠎ᠠ ᠤᠷᠠᠯᠢᠭ᠎ᠤᠨ ᠪᠦᠯᠬᠦᠮ᠎ᠢ ᠬᠠᠪᠰᠤᠷᠤᠨ ᠵᠢᠯᠤᠭᠤᠳᠴᠤ᠂ ᠠᠷᠠᠳ᠎ᠲᠤ ᠠᠰᠢᠭ ᠬᠦᠷᠲᠡᠭᠡᠬᠦ ᠲᠣᠭᠯᠠᠯᠲᠠ 30 ᠰᠢᠬᠠᠮ ᠲᠠᠯᠠᠪᠤᠷ ᠭᠠᠷᠭ᠋ᠠᠵᠤ᠂ ᠭᠥᠯᠢᠶᠡᠨ ᠠᠪᠤᠭᠰᠠᠨ ᠦᠵᠡᠭᠴᠢᠳ᠎ᠤᠨ ᠲᠤᠭ᠎ᠠ 5000 ᠭᠠᠷᠤᠶ ᠬᠥᠮᠦᠨ ᠤᠳᠠᠭ᠎ᠠ᠎ᠳᠤ ᠬᠦᠷᠴᠡᠢ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠠᠵᠤ ᠠᠬᠤᠢ᠌ᠯᠠᠯ ᠵᠡᠷᠭᠡ ᠭᠠᠵᠠᠷ᠎ᠲᠤ ᠬᠦᠷᠴᠦ ᠨᠡᠢ᠌ᠲᠡ 23 ᠲᠠᠯᠠᠪᠤᠷ ᠰᠠᠢ᠌ᠨ ᠳᠤᠷ᠎ᠠ ᠵᠢᠨ ᠬᠠᠪᠰᠤᠷᠤᠨ ᠵᠢᠯᠣᠭᠣᠳᠣᠯᠭ᠎ᠠ ᠥᠷᠨᠢᠭᠦᠯᠵᠦ᠂ ᠪᠥᠬᠥ ᠬᠣᠰᠢᠭᠤᠨ᠎ᠤ 12 ᠰᠤᠮᠤ ᠰᠢᠶᠠᠩ ᠪᠠᠯᠭ᠋ᠠᠰᠤ ᠵᠢᠨ ᠣᠯᠠᠨ ᠭᠠᠴᠠᠭ᠎ᠠ ᠲᠣᠰᠬᠣᠨ᠎ᠳᠤ《ᠨᠠᠮ᠎ᠤᠨ ᠲᠤᠭ ᠦᠨᠳᠦᠷ᠎ᠲᠤ ᠨᠠᠮᠢᠷᠠᠨ᠎ᠠ — ᠪᠥᠬᠥ ᠣᠷᠣᠨ᠎ᠤ ᠤᠯᠠᠭ᠋ᠠᠨᠮᠥ᠋ᠴᠢᠷ᠎ᠤᠨ ᠦᠨᠳᠦᠰᠦᠨ ᠱᠠᠲᠤᠨ᠎ᠤ ᠦᠢᠯᠡᠴᠢᠯᠡᠭᠡᠨ᠎ᠤ ᠠᠵᠢᠯᠯᠠᠭ᠎ᠠ》ᠵᠢᠨ ᠤᠳᠬ᠎ᠠ ᠤᠷᠠᠯᠢᠭ᠎ᠤᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠲᠣᠭᠯᠠᠯᠲᠠ ᠭᠠᠷᠭ᠋ᠠᠪᠠ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠥᠪ ᠲᠧᠯᠸᠢᠰ ᠪᠠᠭ᠋ᠠᠷᠢᠨ ᠵᠡᠭᠦᠨ ᠬᠣᠰᠢᠭᠤᠨ᠎ᠤ ᠬᠠᠭᠤᠴᠢ ᠰᠤᠳᠤᠯᠤᠯ᠎ᠤᠨ ᠬᠦᠷᠢᠶᠡᠨ᠎ᠤ ᠰᠢᠨ᠎ᠡ ᠢᠯᠡᠷᠡᠬᠦᠯᠦᠯᠲᠡ ᠵᠢ ᠮᠡᠳᠡᠭᠡᠯᠡᠪᠡ
ᠬᠥᠬᠡᠬᠣᠲᠠ ᠵᠢᠨ ᠵᠠᠰᠠᠭ᠎ᠤᠨ ᠣᠷᠳᠣᠨ 2022 ᠣᠨ᠎ᠤ ᠤᠯᠤᠰ᠎ᠤᠨ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠴᠡᠴᠡᠷᠯᠢᠭ ᠵᠡᠷᠭᠡ ᠭᠣᠤᠯᠳᠠᠯᠭ᠎ᠠ᠎ᠲᠠᠢ ᠲᠥᠷᠥᠯ ᠵᠦᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠡᠷᠢᠶᠡᠨ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠢᠵᠢᠭ᠎ᠢ ᠰᠡᠷᠭᠡᠢ᠌ᠯᠡᠨ ᠡᠵᠡᠮᠳᠡᠬᠦ ᠰᠥᠨᠢ ᠵᠢᠨ ᠭᠡᠨᠡᠳᠡᠬᠦᠯᠦᠭᠰᠡᠨ ᠪᠠᠢ᠌ᠴᠠᠭ᠋ᠠᠯᠲᠠ ᠵᠢ ᠳᠠᠬᠢᠨᠲᠠ ᠥᠷᠨᠢᠭᠦᠯᠵᠦ ᠰᠣᠶᠣᠯ᠎ᠤᠨ ᠵᠠᠬ᠎ᠠ ᠳᠡᠯᠭᠡᠭᠦᠷ᠎ᠤᠨ ᠬᠢᠵᠢᠭ᠎ᠢ ᠰᠡᠷᠭᠡᠢ᠌ᠯᠡᠬᠦ ᠱᠤᠭᠤᠮ᠎ᠢ ᠪᠠᠲᠤ ᠪᠠᠬᠢ ᠪᠣᠶ ᠪᠣᠯᠭ᠋ᠠᠪᠠ
ᠦᠬᠠᠶ ᠬᠣᠲᠠ ᠵᠢᠨ ᠳᠡᠳ᠋ ᠳᠠᠷᠤᠭ᠎ᠠ ᠴᠢᠶᠣᠤ ᠢᠦᠢ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠠ
ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠬᠤᠷᠠᠯ ᠬᠤᠷᠠᠯᠳᠤᠭᠤᠯᠵᠤ ᠲᠡᠷᠢᠭᠦᠨ᠎ᠤ᠎ᠬᠢ᠎ᠲᠠᠢ ᠬᠠᠷᠢᠴᠠᠭᠤᠯᠤᠨ ᠬᠠᠮᠤᠭ᠎ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠦᠲᠦᠭᠡᠨ ᠪᠠᠢ᠌ᠭᠤᠯᠬᠤ ᠠᠵᠢᠯᠯᠠᠭ᠋ᠠᠨ᠎ᠤ ᠲᠥᠰᠦᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ
 
            