ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠨᠣᠮ᠎ᠤᠨ ᠰᠠᠩ ᠲᠠᠮᠢᠷ᠎ᠤᠨ ᠲᠠᠯᠠᠪᠠᠢ ᠵᠢᠨ ᠬᠤᠨ ᠭᠠᠯᠠᠭᠤ ᠨᠣᠮ᠎ᠤᠨ ᠦᠷᠦᠭᠡ ᠵᠢᠨ ᠲᠠᠯᠪᠢᠭᠤᠷ᠎ᠲᠤ ᠰᠢᠨ᠎ᠡ ᠨᠣᠮ ᠭᠠᠷᠭ᠋ᠠᠵᠤ ᠥᠭᠪᠡ
ᠨᠡᠶᠢᠲᠡᠯᠡᠭᠰᠡᠨ ᠴᠠᠭ᠄ 2022-04-14

     4 ᠳ᠋ᠦ᠍ᠭᠡᠷ ᠰᠠᠷ᠎ᠠ ᠵᠢᠨ 6᠎ᠤ ᠡᠳᠦᠷ᠎ᠤᠨ ᠦᠳᠡ ᠵᠢᠨ ᠡᠮᠦᠨ᠎ᠡ᠂ ᠬᠥᠬᠡᠬᠣᠲᠠ ᠵᠢᠨ ᠨᠣᠮ᠎ᠤᠨ ᠰᠠᠩ ᠠᠵᠢᠯᠲᠠᠨ ᠠᠵᠢᠯᠴᠢᠨ᠎ᠢ ᠵᠣᠬᠢᠶᠠᠨ ᠪᠠᠢ᠌ᠭᠤᠯᠤᠨ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠵᠦ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠬᠤᠨ ᠭᠠᠯᠠᠭᠤ ᠨᠣᠮ᠎ᠤᠨ ᠥᠷᠥᠭᠡ᠎ᠳᠤ ᠰᠢᠨ᠎ᠡ ᠨᠣᠮ ᠭᠠᠷᠭ᠋ᠠᠵᠤ ᠥᠭᠪᠡ᠃



      ᠲᠣᠰ ᠤᠳᠠᠭ᠋ᠠᠨ᠎ᠤ ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ᠎ᠨᠢ ᠨᠣᠮ᠎ᠤᠨ ᠰᠠᠩ᠎ᠠᠴᠠ 3000 ᠭᠠᠷᠤᠶ ᠳᠡᠪᠲᠡᠷ ᠡᠯ᠎ᠡ ᠲᠥᠷᠥᠯ᠎ᠤᠨ ᠨᠠᠰᠤᠨ᠎ᠳᠤ ᠭᠦᠷᠦᠭᠰᠡᠳ ᠪᠠ ᠪᠠᠭ᠋ᠠᠴᠤᠳ ᠬᠡᠦᠬᠡᠳ᠎ᠤᠨ ᠰᠢᠨ᠎ᠡ ᠨᠣᠮ᠎ᠢ ᠰᠢᠯᠵᠢᠭᠦᠯᠦᠨ ᠥᠭᠴᠦ᠂ ᠨᠣᠮ᠎ᠤᠨ ᠰᠠᠩ᠎ᠤᠨ ᠲᠠᠯᠪᠢᠭᠤᠷ᠎ᠤᠨ ᠲᠥᠷᠥᠯ ᠠᠩᠭᠢᠯᠠᠯ᠎ᠤᠨ ᠵᠢᠷᠤᠮᠵᠢᠯ᠎ᠢ ᠴᠢᠩᠭ᠎ᠠ ᠵᠢᠷᠤᠮᠯᠠᠨ᠂ ᠤᠳᠬ᠎ᠠ ᠵᠣᠬᠢᠶᠠᠯ᠂ ᠨᠡᠢ᠌ᠭᠡᠮ᠎ᠤᠨ ᠰᠢᠨᠵᠢᠯᠡᠬᠦ ᠤᠬᠠᠭ᠋ᠠᠨ᠂ ᠪᠠᠢ᠌ᠭ᠋ᠠᠯᠢ ᠵᠢᠨ ᠰᠢᠨᠵᠢᠯᠡᠬᠦ ᠤᠬᠠᠭ᠋ᠠᠨ᠂ ᠲᠡᠦᠬᠡ ᠭᠠᠵᠠᠷ ᠵᠦᠶ᠂ ᠪᠠᠭ᠋ᠠᠴᠤᠳ ᠬᠡᠦᠬᠡᠳ᠎ᠤᠨ ᠨᠣᠮ ᠪᠢᠴᠢᠭ ᠵᠡᠷᠭᠡ ᠲᠥᠷᠥᠯ ᠵᠦᠢᠯ ᠵᠶ᠋ᠡᠷ ᠲᠠᠯᠪᠢᠭᠤᠷ᠎ᠲᠤ ᠬᠤᠪᠢᠶᠠᠷᠯᠠᠨ ᠲᠠᠯᠪᠢᠵᠤ᠂ ᠡᠯ᠎ᠡ ᠲᠥᠷᠥᠯ᠎ᠤᠨ ᠨᠣᠮ ᠪᠢᠴᠢᠭ᠎ᠢ ᠣᠷᠣᠨ ᠪᠦᠰᠡ ᠬᠤᠪᠢᠶᠠᠨ ᠵᠢᠶᠠᠰᠠᠯᠠᠵᠤ᠂ ᠤᠩᠰᠢᠭᠴᠢᠳ᠎ᠤᠨ ᠵᠢᠭᠡᠯᠡᠨ ᠤᠩᠰᠢᠬᠤ᠎ᠳᠤ ᠬᠠᠮᠤᠭ᠎ᠤᠨ ᠶᠡᠬᠡ ᠬᠡᠮᠵᠢᠶ᠎ᠡ᠎ᠪᠠᠷ ᠲᠥᠬᠥᠮ ᠦᠵᠡᠭᠦᠯᠪᠡ᠃



     2022 ᠣᠨ᠎ᠤ《ᠳᠥᠷᠪᠡᠨ ᠰᠠᠷ᠎ᠠ ᠵᠢᠨ ᠬᠤᠷᠢᠨ ᠭᠤᠷᠪᠠᠨ》᠎ᠤ ᠳᠡᠯᠡᠬᠡᠶ ᠵᠢᠨ ᠨᠣᠮ ᠤᠩᠰᠢᠬᠤ ᠡᠳᠦᠷ ᠬᠦᠷᠴᠦ ᠢᠷᠡᠬᠦ ᠪᠣᠯᠤᠯ᠎ᠠ᠂ ᠪᠥᠬᠥ ᠠᠷᠠᠳ᠎ᠤᠨ ᠨᠣᠮ ᠤᠩᠰᠢᠵᠤ ᠳᠡᠯᠭᠡᠷᠡᠭᠦᠯᠬᠦ ᠪᠠ ᠦᠢᠯᠡᠴᠢᠯᠡᠭᠡᠨ᠎ᠤ ᠴᠢᠬᠤᠯᠠ ᠵᠢᠭᠰᠠᠭ᠋ᠠᠯ᠎ᠤᠨ ᠭᠠᠵᠠᠷ ᠪᠣᠯᠤᠭᠰᠠᠨ᠎ᠤ ᠬᠤᠪᠢ᠎ᠳᠤ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠬᠤᠨ ᠭᠠᠯᠠᠭᠤ ᠨᠣᠮ᠎ᠤᠨ ᠥᠷᠥᠭᠡ ᠡᠭᠦᠨ ᠵᠶ᠋ᠡᠷ ᠠᠵᠠ ᠲᠣᠬᠢᠶᠠᠯ ᠪᠣᠯᠭ᠋ᠠᠵᠤ ᠨᠠᠩ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃ ᠲᠣᠰ ᠤᠳᠠᠭ᠋ᠠᠨ᠎ᠤ ᠰᠠᠢ᠌ᠨ ᠳᠤᠷ᠎ᠠ ᠵᠢᠨ ᠦᠢᠯᠡᠴᠢᠯᠡᠭᠡ᠎ᠨᠢ ᠬᠤᠨ ᠭᠠᠯᠠᠭᠤ ᠨᠣᠮ᠎ᠤᠨ ᠥᠷᠥᠭᠡ ᠵᠢᠨ ᠦᠢᠯᠡᠴᠢᠯᠡᠭᠡᠨ᠎ᠤ ᠡᠭᠦᠷᠭᠡ ᠴᠢᠳᠠᠪᠤᠷᠢ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠥᠬᠡᠬᠣᠲᠠ ᠵᠢᠨ ᠪᠥᠬᠥ ᠤᠯᠤᠰ᠎ᠤᠨ ᠪᠣᠯᠪᠠᠰᠤᠨ ᠬᠣᠲᠠ ᠵᠢ ᠡᠭᠦᠳᠦᠨ ᠪᠠᠢ᠌ᠭᠤᠯᠬᠤ ᠠᠵᠢᠯ᠎ᠢ ᠪᠥᠬᠥ ᠲᠠᠯ᠎ᠠ᠎ᠪᠠᠷ ᠳᠡᠮᠵᠢᠬᠦ ᠪᠣᠯᠤᠨ᠎ᠠ᠃

ᠢᠷᠡᠯᠲᠡ᠄ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠦᠩᠱ᠌ᠠᠨ ᠲᠣᠭᠣᠷᠢᠭ᠎ᠲᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠰᠢᠨ᠎ᠡ᠎ᠪᠠᠷ 10 ᠨᠡᠮᠡᠭᠳᠡᠪᠡ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠤᠪᠴᠢᠶ᠎ᠠ ᠵᠢᠨ ᠳᠠᠷᠤᠭ᠎ᠠ ᠨᠠᠷ ᠎ᠤᠨ ᠰᠠᠭᠤᠳᠠᠯ ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ ᠵᠢᠴᠢ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠨ ᠰᠤᠳᠤᠯᠬᠤ ᠠᠵᠢᠯ᠎ᠤᠨ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠰᠢᠰᠲ᠋ᠧᠮ ᠸᠢᠳᠢᠣ᠋ ᠬᠤᠷᠠᠯ ᠬᠤᠷᠠᠯᠳᠤᠭᠤᠯᠵᠤ 2022 ᠣᠨ᠎ᠤ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
ᠰᠢᠩ ᠾᠧ ᠰᠢᠶᠠᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠨᠣᠮ ᠪᠢᠴᠢᠭ᠂ ᠬᠡᠪᠯᠡᠯ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠪᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠶᠡᠬᠡ ᠪᠠᠢ᠌ᠴᠠᠭ᠋ᠠᠯᠲᠠ ᠵᠢ ᠦᠷᠨᠢᠭᠦᠯᠪᠡ
 
            