ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠳᠥᠷᠪᠡᠳ ᠬᠣᠰᠢᠭᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ《ᠬᠠᠩᠰᠢ ᠵᠢᠨ ᠡᠳᠦᠷ》᠎ᠤᠨ ᠬᠤᠭᠤᠴᠠᠭ᠋ᠠᠨ᠎ᠳᠤ᠎ᠬᠢ ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠰᠬᠠᠶ ᠪᠠᠢ᠌ᠴᠠᠭ᠋ᠠᠯᠲᠠ ᠥᠷᠨᠢᠭᠦᠯᠪᠡ
ᠨᠡᠶᠢᠲᠡᠯᠡᠭᠰᠡᠨ ᠴᠠᠭ᠄ 2022-04-14

      ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ   ᠦᠨᠡᠨ ᠬᠦ᠌ ᠴᠢᠩᠭ᠋ᠠᠳᠬᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠬᠡᠮ ᠰᠣᠭᠣᠭ᠎ᠢ ᠪᠥᠬᠥ ᠲᠠᠯ᠎ᠠ᠎ᠪᠠᠷ ᠠᠷᠢᠯᠭ᠋ᠠᠵᠤ᠂ ᠡᠨᠳᠡᠯ ᠭᠠᠷᠬᠤ ᠵᠢ ᠰᠡᠷᠭᠡᠢ᠌ᠯᠡᠨ ᠬᠣᠷᠢᠭᠯᠠᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ ᠵᠢᠨ ᠲᠠᠰ᠎ᠤᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢᠨ ᠬᠠᠮᠢᠶ᠎ᠠ ᠪᠥᠬᠥᠶ ᠱᠠᠭ᠋ᠠᠷᠳᠠᠯᠭ᠎ᠠ ᠶᠣᠰᠣᠭ᠋ᠠᠷ᠂ 4 ᠳ᠋ᠤᠭᠡᠷ ᠰᠠᠷ᠎ᠠ ᠵᠢᠨ 4᠎ᠤ ᠡᠳᠦᠷ᠂ ᠳᠥᠷᠪᠡᠳ ᠬᠣᠰᠢᠭᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ《ᠬᠠᠩᠰᠢ ᠵᠢᠨ ᠡᠳᠦᠷ》᠎ᠤᠨ ᠬᠤᠭᠤᠴᠠᠭ᠋ᠠᠨ᠎ᠳᠤ᠎ᠬᠢ ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠰᠬᠠᠶ ᠪᠠᠢ᠌ᠴᠠᠭ᠋ᠠᠯᠲᠠ ᠥᠷᠨᠢᠭᠦᠯᠵᠦ᠂ ᠪᠥᠬᠥ ᠬᠣᠰᠢᠭᠤᠨ᠎ᠤ ᠰᠦᠯᠵᠢᠶᠡᠨ ᠪᠠᠭ᠋ᠠᠷ᠂ ᠺᠢᠨᠣ᠋ ᠵᠢᠨ ᠣᠷᠳᠣᠨ᠂ ᠨᠣᠮ᠎ᠤᠨ ᠳᠡᠯᠭᠡᠭᠦᠷ᠂ KTV ᠳᠠᠭᠤᠤ ᠪᠥᠵᠢᠭ ᠵᠤᠭ᠎ᠠ ᠴᠡᠩᠭᠡᠯ ᠵᠡᠷᠭᠡ ᠲᠠᠯᠠᠪᠤᠷ᠎ᠲᠤ ᠪᠥᠬᠥ ᠲᠠᠯ᠎ᠠ᠎ᠪᠠᠷ ᠨᠠᠷᠢᠯᠢᠭ ᠪᠠᠢ᠌ᠴᠠᠭ᠋ᠠᠯᠲᠠ ᠬᠢᠪᠠ᠃ ᠰᠣᠶᠣᠯ᠎ᠤᠨ ᠵᠠᠬ᠎ᠠ ᠳᠡᠯᠭᠡᠭᠦᠷ᠎ᠤᠨ ᠡᠯ᠎ᠡ ᠡᠵᠡᠩᠨᠡᠯᠲᠡ ᠵᠢᠨ ᠲᠠᠯᠠᠪᠤᠷ ᠭᠠᠵᠠᠷ ᠥᠪᠡᠷ᠎ᠢ᠎ᠪᠠᠨ ᠪᠠᠢ᠌ᠴᠠᠭ᠋ᠠᠵᠤ ᠥᠪᠡᠷ᠎ᠢ᠎ᠪᠠᠨ ᠵᠠᠯᠠᠷᠠᠭᠤᠯᠬᠤ ᠵᠢ ᠱᠠᠭ᠋ᠠᠷᠳᠠᠵᠤ᠂ ᠡᠯ᠎ᠡ ᠵᠦᠢᠯ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠥᠬᠥ ᠬᠣᠰᠢᠭᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠪᠠᠲᠤᠯᠠᠬᠤ ᠬᠡᠷᠡᠭᠲᠡᠶ ᠭᠡᠵᠡᠢ᠃
      ᠲᠤᠰᠬᠠᠶ ᠪᠠᠢ᠌ᠴᠠᠭ᠋ᠠᠯᠲᠠ ᠵᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠳ ᠬᠡᠰᠡᠭ ᠰᠣᠶᠣᠯ᠎ᠤᠨ ᠡᠵᠡᠩᠨᠡᠯᠲᠡ ᠵᠢᠨ ᠲᠠᠯᠠᠪᠤᠷ ᠭᠠᠵᠠᠷ᠎ᠲᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢᠴᠢ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠨᠠᠢ᠌ᠳᠠᠪᠤᠷᠢᠵᠢᠭᠤᠯᠤᠯᠲᠠ ᠬᠦᠷᠦᠯᠴᠡᠬᠦ ᠥᠬᠡᠶ ᠪᠠᠢ᠌ᠬᠤ ᠠᠰᠠᠭᠤᠳᠠᠯ ᠤᠷᠤᠰᠢᠵᠤ ᠪᠠᠢ᠌ᠬᠤ ᠵᠢ ᠣᠯᠵᠤ ᠮᠡᠳᠡᠭᠡᠳ᠂ ᠲᠤᠬᠠᠶ ᠵᠢᠨ ᠲᠠᠯᠠᠪᠤᠷ᠎ᠲᠤ ᠵᠠᠷᠯᠢᠭᠳᠠᠵᠤ ᠪᠠᠢ᠌ᠭ᠋ᠠᠳ ᠴᠡᠭᠴᠡᠯᠡᠨ ᠰᠠᠢ᠌ᠵᠢᠷᠠᠭᠤᠯᠵᠤ᠂ ᠡᠵᠡᠩᠨᠡᠯᠲᠡ ᠵᠢᠨ ᠲᠠᠯᠠᠪᠤᠷ ᠭᠠᠵᠠᠷ᠎ᠲᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠴᠢ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠤᠬᠠᠮᠰᠠᠷ ᠵᠶ᠋ᠠᠨ ᠳᠡᠭᠡᠭᠰᠢᠯᠡᠭᠦᠯᠵᠦ᠂ ᠡᠯ᠎ᠡ ᠵᠦᠢᠯ᠎ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠢ᠌ᠳᠠᠪᠤᠷᠢᠵᠢᠭᠤᠯᠬᠤ ᠵᠢ ᠱᠠᠭ᠋ᠠᠷᠳᠠᠪᠠ᠃
      ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠬᠠᠤᠯᠢ ᠬᠡᠷᠡᠭᠵᠢᠭᠦᠯᠬᠦ ᠠᠵᠢᠯᠲᠠᠨ᠎ᠢ ᠨᠡᠢ᠌ᠲᠡ 120 ᠭᠠᠷᠤᠶ ᠬᠥᠮᠦᠨ ᠤᠳᠠᠭ᠎ᠠ ᠬᠥᠳᠡᠯᠭᠡᠵᠦ᠂ ᠡᠵᠡᠩᠨᠡᠯᠲᠡ ᠵᠢᠨ ᠲᠠᠯᠠᠪᠤᠷ ᠭᠠᠵᠠᠷ᠎ᠢ 30 ᠭᠠᠷᠤᠶ ᠤᠳᠠᠭ᠎ᠠ ᠪᠠᠢ᠌ᠴᠠᠭ᠋ᠠᠵᠤ᠂ ᠠᠰᠠᠭᠤᠳᠠᠯ ᠣᠷᠣᠰᠢᠵᠤ ᠪᠠᠢ᠌ᠭ᠎ᠠ ᠲᠠᠯᠠᠪᠤᠷ ᠭᠠᠵᠠᠷ᠎ᠢ ᠲᠤᠬᠠᠶ ᠵᠢᠨ ᠲᠠᠯᠠᠪᠤᠷ᠎ᠲᠤ ᠰᠢᠪᠠᠳᠠᠨ ᠴᠡᠭᠴᠡᠯᠡᠨ ᠰᠠᠢ᠌ᠵᠢᠷᠠᠭᠤᠯᠵᠤ᠂ ᠪᠥᠬᠥ ᠲᠠᠯ᠎ᠠ᠎ᠪᠠᠷ ᠭᠦᠨᠵᠡᠭᠡᠶ ᠪᠠᠢ᠌ᠴᠠᠭ᠋ᠠᠬᠤ᠎ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠠᠮᠤᠷ ᠲᠦᠪᠰᠢᠨ᠎ᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠲᠥᠷᠥᠯ᠎ᠤᠨ ᠠᠮᠤᠷ ᠲᠦᠪᠰᠢᠨ᠎ᠤ ᠡᠨᠳᠡᠯ ᠭᠠᠷᠬᠤ ᠵᠢ ᠬᠦᠴᠦᠲᠡᠶ ᠬᠣᠷᠢᠭᠯᠠᠵᠤ᠂ ᠪᠥᠬᠥ ᠬᠣᠰᠢᠭᠤᠨ᠎ᠤ ᠰᠠᠢ᠌ᠨ ᠰᠠᠢ᠌ᠬᠠᠨ ᠰᠣᠶᠣᠯ᠎ᠤᠨ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠪᠦᠲᠦᠮᠵᠢᠲᠡᠶ ᠬᠠᠮᠠᠭ᠋ᠠᠯᠠᠪᠠ᠃  

ᠢᠷᠡᠯᠲᠡ᠄ ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠬᠡᠬᠣᠲᠠ ᠵᠢᠨ ᠨᠣᠮ᠎ᠤᠨ ᠰᠠᠩ ᠲᠠᠮᠢᠷ᠎ᠤᠨ ᠲᠠᠯᠠᠪᠠᠢ ᠵᠢᠨ ᠬᠤᠨ ᠭᠠᠯᠠᠭᠤ ᠨᠣᠮ᠎ᠤᠨ ᠦᠷᠦᠭᠡ ᠵᠢᠨ ᠲᠠᠯᠪᠢᠭᠤᠷ᠎ᠲᠤ ᠰᠢᠨ᠎ᠡ ᠨᠣᠮ ᠭᠠᠷᠭ᠋ᠠᠵᠤ ᠥᠭᠪᠡ
ᠰᠦᠩᠱ᠌ᠠᠨ ᠲᠣᠭᠣᠷᠢᠭ᠎ᠲᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠰᠢᠨ᠎ᠡ᠎ᠪᠠᠷ 10 ᠨᠡᠮᠡᠭᠳᠡᠪᠡ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠤᠪᠴᠢᠶ᠎ᠠ ᠵᠢᠨ ᠳᠠᠷᠤᠭ᠎ᠠ ᠨᠠᠷ ᠎ᠤᠨ ᠰᠠᠭᠤᠳᠠᠯ ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ ᠵᠢᠴᠢ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠨ ᠰᠤᠳᠤᠯᠬᠤ ᠠᠵᠢᠯ᠎ᠤᠨ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠰᠢᠰᠲ᠋ᠧᠮ ᠸᠢᠳᠢᠣ᠋ ᠬᠤᠷᠠᠯ ᠬᠤᠷᠠᠯᠳᠤᠭᠤᠯᠵᠤ 2022 ᠣᠨ᠎ᠤ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
 
            