ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠰᠢᠰᠲ᠋ᠧᠮ ᠸᠢᠳᠢᠣ᠋ ᠬᠤᠷᠠᠯ ᠬᠤᠷᠠᠯᠳᠤᠭᠤᠯᠵᠤ 2022 ᠣᠨ᠎ᠤ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠪᠠᠢ᠌ᠷᠢᠯᠠᠭᠤᠯᠪᠠ
ᠨᠡᠶᠢᠲᠡᠯᠡᠭᠰᠡᠨ ᠴᠠᠭ᠄ 2022-04-15

     4 ᠳ᠋ᠦ᠍ᠭᠡᠷ ᠰᠠᠷ᠎ᠠ ᠵᠢᠨ 9᠎ᠤ ᠡᠳᠦᠷ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠰᠢᠰᠲ᠋ᠧᠮ ᠸᠢᠳᠢᠣ᠋ ᠬᠤᠷᠠᠯ ᠬᠤᠷᠠᠯᠳᠤᠭᠤᠯᠵᠤ   ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠤᠪᠴᠢᠶ᠎ᠠ ᠵᠢᠨ ᠳᠠᠷᠤᠭ᠎ᠠ ᠨᠠᠷ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ   ᠳᠠᠮᠵᠢᠭᠤᠯᠤᠨ ᠰᠤᠷᠤᠯᠴᠠᠵᠤ 2022 ᠣᠨ᠎ᠤ ᠪᠥᠬᠥ ᠰᠢᠰᠲ᠋ᠧᠮ᠎ᠤᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠰᠡᠴᠡᠨᠳᠦ᠋ᠭᠦᠷᠡᠩ ᠭᠣᠤᠯ ᠬᠤᠷᠠᠯ᠎ᠤᠨ ᠲᠠᠯᠠᠪᠠᠶ᠎ᠳᠤ ᠬᠤᠷᠠᠯ ᠡᠷᠭᠢᠯᠡᠵᠦ᠂ ᠲᠣᠪᠴᠢᠶ᠎ᠠ ᠵᠢᠨ ᠤᠳᠤᠷᠢᠳᠬᠤ ᠪᠠᠭ᠂ ᠲᠣᠪᠴᠢᠶ᠎ᠠ ᠵᠢᠨ ᠪᠠᠢ᠌ᠭᠤᠯᠭ᠎ᠠ ᠵᠢᠨ ᠰᠣᠶᠣᠯ ᠵᠢᠭᠤᠯᠴᠢᠯᠠᠯ᠎ᠤᠨ ᠰᠠᠯᠠᠭ᠎ᠠ ᠲᠠᠰᠤᠭ᠂ ᠲᠣᠪᠴᠢᠶ᠎ᠠ ᠵᠢᠨ ᠬᠠᠷᠢᠶ᠎ᠠ ᠡᠯ᠎ᠡ ᠬᠣᠯᠪᠣᠭᠳᠠᠯ ᠪᠥᠬᠥᠶ ᠨᠢᠭᠡᠴᠢ ᠵᠢᠨ ᠬᠠᠷᠢᠭᠤᠴᠠᠯᠭ᠋ᠠᠲᠠᠨ᠂ ᠤᠯᠠᠭ᠋ᠠᠨᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠤᠳᠤᠷᠢᠳᠬᠤ ᠪᠠᠭ᠂ ᠡᠯ᠎ᠡ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠤ᠂ ᠪᠤᠰᠤᠳ ᠬᠣᠰᠢᠭᠤ ᠰᠢᠶᠠᠨ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠬᠤᠪᠢᠶᠠᠷᠢ ᠬᠤᠷᠠᠯ᠎ᠤᠨ ᠲᠠᠯᠠᠪᠠᠶ᠎ᠳᠤ ᠬᠤᠷᠠᠯ᠎ᠳᠤ ᠣᠷᠣᠯᠴᠠᠪᠠ  ᠃
      ᠬᠤᠷᠠᠯ ᠳᠡᠭᠡᠷ᠎ᠡ᠂ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠡᠳ᠋ ᠳᠠᠷᠤᠭ᠎ᠠ ᠪᠠᠶ ᠱᠤ᠌ ᠴᠢᠨ᠂ ᠯᠢᠦ ᡁᠢ᠂ ᠭᠤᠸᠠᠨ ᠵᠥᠩ ᠬᠠᠢ ᠬᠤᠪᠢᠳᠠᠨ ᠬᠠᠮᠢᠶᠠᠷᠴᠤ ᠪᠠᠢᠭ᠎ᠠ ᠬᠦᠷᠢᠶ᠎ᠡ ᠴᠠᠷᠠᠭ᠎ᠠ ᠵᠢᠨ ᠡᠭᠦᠳᠡᠨ᠎ᠠᠴᠠ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠤᠪᠴᠢᠶ᠎ᠠ ᠵᠢᠨ ᠳᠠᠷᠤᠭ᠎ᠠ ᠨᠠᠷ᠎ᠤᠨ ᠰᠠᠭᠤᠳᠠᠯ ᠎ᠤᠨ ᠬᠤᠷᠠᠯ᠎ᠤᠨ ᠠᠵᠢᠯ᠎ᠤᠨ ᠪᠠᠢ᠌ᠷᠢᠯᠠᠭᠤᠯᠤᠯᠲᠠ ᠵᠢᠨ ᠲᠣᠭᠣᠷᠢᠨ᠎ᠳᠤ᠂ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠤᠨ ᠰᠣᠶᠣᠯ᠂ ᠵᠢᠭᠤᠯᠴᠢᠯᠠᠯ᠂ ᠲᠡᠦᠬᠡ ᠵᠢᠨ ᠳᠤᠷᠠᠰᠬᠠᠯᠲᠤ ᠵᠦᠢᠯᠡᠰ᠂ ᠦᠵᠡᠯ ᠤᠬᠠᠮᠰᠠᠷ᠎ᠤᠨ ᠬᠡᠯᠪᠡᠷᠢ᠂ ᠠᠶᠤᠯ ᠥᠬᠡᠶ ᠦᠢᠯᠡᠳᠪᠦᠷᠢᠯᠡᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠡᠷᠭᠡ ᠠᠵᠢᠯ᠎ᠤᠨ ᠲᠣᠭᠣᠷᠢᠨ᠎ᠳᠤ ᠠᠵᠢᠯ᠎ᠤᠨ ᠭᠣᠤᠯᠳᠠᠯᠭ᠎ᠠ᠎ᠪᠠᠨ ᠲᠣᠳᠣᠷᠬᠠᠢ᠌ᠯᠠᠵᠤ ᠠᠵᠢᠯ᠎ᠤᠨ ᠡᠭᠦᠷᠭᠡ᠎ᠪᠠᠨ ᠨᠠᠷᠢᠯᠢᠭᠵᠢᠭᠤᠯᠤᠨ  2022 ᠣᠨ  ᠎ᠤ ᠭᠣᠤᠯᠳᠠᠯᠭ᠎ᠠ᠎ᠲᠠᠢ ᠠᠵᠢᠯ ᠪᠠ ᠤᠢ᠌ᠷ᠎ᠠ ᠵᠢᠨ ᠬᠤᠭᠤᠴᠠᠭ᠋ᠠᠨ᠎ᠤ ᠠᠵᠢᠯ᠎ᠤᠨ ᠡᠭᠦᠷᠭᠡ᠎ᠪᠠᠨ ᠲᠤᠬᠢᠷᠠᠭᠤᠯᠤᠨ ᠪᠠᠢ᠌ᠷᠢᠯᠠᠭᠤᠯᠪᠠ  ᠃  

ᠢᠷᠡᠯᠲᠡ᠄ ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠢᠩ ᠾᠧ ᠰᠢᠶᠠᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠨᠣᠮ ᠪᠢᠴᠢᠭ᠂ ᠬᠡᠪᠯᠡᠯ᠎ᠤᠨ ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠪᠠ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠶᠡᠬᠡ ᠪᠠᠢ᠌ᠴᠠᠭ᠋ᠠᠯᠲᠠ ᠵᠢ ᠦᠷᠨᠢᠭᠦᠯᠪᠡ
ᠬᠢᠩᠭ᠋ᠠᠨ ᠠᠢ᠌ᠮᠠᠭ᠎ᠤᠨ ᠡᠯ᠎ᠡ ᠱᠠᠲᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ 《ᠪᠠᠭ᠎ᠠ ᠭᠠᠯ᠎ᠳᠤ ᠬᠥᠮᠦᠨ ᠡᠨᠳᠡᠬᠦ》 ᠵᠢ ᠬᠣᠷᠢᠭᠯᠠᠬᠤ ᠭᠠᠯ ᠰᠡᠷᠭᠡᠢ᠌ᠯᠡᠬᠦ ᠠᠮᠤᠷ ᠲᠦᠪᠰᠢᠨ᠎ᠤ ᠶᠡᠬᠡ ᠪᠠᠢ᠌ᠴᠠᠭ᠋ᠠᠯᠲᠠ ᠥᠷᠨᠢᠭᠦᠯᠪᠡ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠤᠷᠠᠨ ᠪᠢᠴᠢᠯᠭᠡ ᠵᠢᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠪᠠ
ᠬᠢᠵᠢᠭ᠎ᠤᠨ ᠪᠠᠢ᠌ᠳᠠᠯ᠎ᠤᠨ ᠵᠠᠮ ᠳᠡᠭᠡᠷ᠎ᠡ ᠬᠠᠷᠢᠭᠤᠴᠠᠯᠭ᠎ᠠ ᠡᠭᠦᠷᠭᠡᠯᠡᠯ ᠵᠶ᠋ᠡᠨ ᠢᠯᠡᠷᠡᠭᠦᠯᠪᠡ — ᠬᠦᠬᠡᠬᠣᠲᠠ ᠵᠢᠨ ᠰᠣᠶᠣᠯ ᠵᠢᠭᠤᠯᠴᠢᠯᠠᠯ ᠷᠠᠳᠢᠤ᠋ ᠲᠸᠯᠸᠢᠰ᠎ᠤᠨ ᠲᠣᠪᠴᠢᠶ᠎ᠠ ᠨᠢᠭᠲᠠᠷᠠᠨ ᠪᠦᠯᠬᠦᠮᠳᠡᠵᠦ ᠬᠢᠵᠢᠭ᠎ᠲᠠᠢ ᠲᠡᠮᠡᠴᠡᠪᠡ
 
            