ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠰᠦᠩᠱ᠌ᠠᠨ ᠲᠣᠭᠣᠷᠢᠭ᠎ᠲᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠰᠢᠨ᠎ᠡ᠎ᠪᠠᠷ 10 ᠨᠡᠮᠡᠭᠳᠡᠪᠡ
ᠨᠡᠶᠢᠲᠡᠯᠡᠭᠰᠡᠨ ᠴᠠᠭ᠄ 2022-04-15

      ᠣᠢ᠌ᠷ᠎ᠠ᠎ᠳᠤ᠂ ᠰᠦᠩᠱ᠌ᠠᠨ ᠲᠣᠭᠣᠷᠢᠭ᠎ᠤᠨ ᠵᠠᠰᠠᠭ᠎ᠤᠨ ᠣᠷᠳᠣᠨ ᠭᠤᠷᠪᠠᠳᠤᠭ᠋ᠠᠷ ᠪᠦᠯᠦᠭ᠎ᠤᠨ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ᠎ᠤᠨ ᠨᠡᠷᠡᠰ᠎ᠢ ᠨᠡᠢ᠌ᠲᠡᠯᠡᠪᠡ  ᠃
      ᠣᠢ᠌ᠯᠠᠭ᠋ᠠᠭᠰᠠᠨ ᠵᠶ᠋ᠠᠷ᠂ ᠨᠢᠳᠤᠨᠤᠨ ᠰᠦᠩᠱ᠌ᠠᠨ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠰᠢᠯᠢᠳᠡᠭ᠂ ᠲᠥᠯᠥᠭᠡᠯᠡᠬᠦ ᠴᠢᠨᠠᠷᠲᠠᠶ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠷᠥᠯ ᠵᠦᠢᠯ᠎ᠢ ᠬᠠᠮᠠᠭ᠋ᠠᠯᠠᠯᠲᠠ ᠵᠢᠨ ᠬᠡᠪᠴᠢᠶᠡᠨ᠎ᠳᠤ ᠣᠷᠣᠭᠤᠯᠵᠤ᠂ ᠰᠣᠶᠣᠯ᠎ᠤᠨ ᠣᠭ ᠦᠨᠳᠦᠰᠦ ᠵᠢ ᠦᠯᠡᠳᠡᠭᠡᠵᠦ᠂ ᠦᠨᠳᠦᠰᠦᠲᠡᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ ᠵᠢᠨ ᠲᠥᠯᠥᠭᠡ   ᠪᠥᠬᠥ ᠣᠷᠣᠨ᠎ᠤ ᠬᠡᠪᠴᠢᠶᠡᠨ᠎ᠳᠤ ᠪᠣᠳᠠᠰ᠎ᠤᠨ ᠪᠤᠰᠤ ᠰᠣᠶᠣᠯ᠎ᠤᠨ ᠥᠪ᠎ᠤᠨ ᠡᠬᠢ ᠪᠠᠶᠠᠯᠢᠭ᠎ᠤᠨ ᠨᠡᠢ᠌ᠳᠡᠮ ᠪᠠᠢ᠌ᠴᠠᠭ᠋ᠠᠯᠲᠠ ᠥᠷᠨᠢᠭᠦᠯᠪᠡ  ᠃
      ᠵᠢᠯ ᠭᠠᠷᠤᠶ ᠵᠢᠨ ᠪᠠᠢ᠌ᠴᠠᠭ᠋ᠠᠯᠲᠠ᠂   ᠴᠤᠭᠯᠠᠭᠤᠯᠭ᠎ᠠ᠂   ᠡᠮᠬᠢᠳᠬᠡᠯ᠂   ᠲᠡᠭᠦᠯᠳᠡᠷᠵᠢᠬᠦᠯᠦᠯ ᠵᠶ᠋ᠠᠷ ᠳᠡᠮᠵᠢᠨ᠂   ᠴᠢᠳᠬᠤᠯᠠᠩ ᠪᠠᠯᠭ᠋ᠠᠰᠤ ᠵᠢᠨ ᠥᠯᠢᠭᠡᠷ ᠬᠢᠭᠡᠳ ᠲᠣᠮᠣᠭ ᠶᠠᠷᠢᠶ᠎ᠠ᠂ ᠤᠯᠠᠮᠵᠢᠯᠠᠯᠲᠤ ᠫᠢᠩᠵᠢᠦᠶ ᠵᠦᠴᠦᠭᠡ᠂   ᠰᠢᠷᠠᠮᠠᠯ ᠵᠢᠷᠤᠭᠲᠤ ᠬᠤᠯᠤ᠂ ᠦᠨᠳᠦᠰᠦᠨ ᠰᠡᠢ᠌ᠯᠦᠮᠡᠯ ᠮᠣᠳᠣᠨ ᠰᠡᠢ᠌ᠯᠦᠮᠡᠯ᠂ ᠯᠢ ᠣᠪᠣᠭᠲᠤ ᠵᠢᠨ ᠴᠡᠴᠡᠭᠲᠦ ᠪᠣᠤᠪᠣ ᠬᠢᠬᠦ ᠤᠷ᠎ᠠ ᠮᠡᠷᠭᠡᠵᠢᠯ᠂ ᠯᠢᠶᠣᠤ ᠵᠢᠨ ᠱᠠᠭ᠋ᠠᠵᠠᠩ ᠬᠢᠬᠦ ᠵᠢᠴᠢ ᠰᠢᠲᠠᠭ᠋ᠠᠨ ᠦᠢᠯᠡᠳᠬᠦ ᠤᠷ᠎ᠠ ᠮᠡᠷᠭᠡᠵᠢᠯ᠂ ᠯᠢᠶᠣᠤ ᠵᠢᠨ ᠲᠤᠩᠭᠤᠷᠤᠤ ᠰᠠᠪᠠᠯᠠᠬᠤ ᠱᠠᠭ᠋ᠠᠵᠠᠩ ᠳᠡᠪᠦᠷ᠎ᠡ ᠬᠢᠬᠦ ᠤᠷ᠎ᠠ ᠮᠡᠷᠭᠡᠵᠢᠯ᠂ ᠵᠢᠶᠠᠩ ᠣᠪᠣᠭᠲᠤ ᠵᠢᠨ ᠨᠠᠷᠢᠯᠢᠭ ᠭᠠᠢ᠌ᠮᠤ ᠬᠢᠬᠦ ᠤᠷ᠎ᠠ ᠮᠡᠷᠭᠡᠵᠢᠯ᠂ ᠪᠥᠰ ᠨᠡᠢ᠌ᠯᠡᠭᠦᠯᠬᠦ ᠤᠷ᠎ᠠ ᠮᠡᠷᠭᠡᠵᠢᠯ᠂ ᠪᠢᠰᠬᠢᠭᠦᠷ ᠬᠢᠬᠦ ᠤᠷ᠎ᠠ ᠮᠡᠷᠭᠡᠵᠢᠯ ᠵᠡᠷᠭᠡ 10 ᠲᠥᠯᠥᠭᠡᠯᠡᠬᠦ ᠴᠢᠨᠠᠷᠲᠠᠶ ᠲᠥᠷᠥᠯ ᠵᠦᠢᠯ᠎ᠢ ᠲᠣᠭᠲᠠᠭ᠋ᠠᠵᠤ᠂ ᠤᠯᠠᠮᠵᠢᠯᠠᠯᠲᠤ ᠤᠷ᠎ᠠ ᠮᠡᠷᠭᠡᠵᠢᠯ᠂ ᠤᠯᠠᠮᠵᠢᠯᠠᠯᠲᠤ ᠤᠷᠠᠨ ᠵᠢᠷᠤᠭ᠂ ᠠᠷᠠᠳ᠎ᠤᠨ ᠠᠮᠠᠨ ᠵᠣᠬᠢᠶᠠᠯ᠂ ᠤᠯᠠᠮᠵᠢᠯᠠᠯᠲᠤ ᠰᠢ ᠵᠦᠴᠦᠭᠡ ᠵᠡᠷᠭᠡ ᠳᠥᠷᠪᠡᠨ ᠲᠥᠷᠥᠯ ᠵᠦᠢᠯ᠎ᠳᠤ ᠬᠣᠯᠪᠣᠭᠳᠠᠵᠠᠶ  ᠃
      ᠣᠳᠣᠬᠠᠨ ᠪᠣᠯᠲᠠᠯ᠎ᠠ᠂ ᠰᠦᠩᠱ᠌ᠠᠨ ᠲᠣᠭᠣᠷᠢᠭ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠤᠨ ᠲᠥᠯᠥᠭᠡᠯᠡᠬᠦ ᠴᠢᠨᠠᠷᠲᠠᠶ ᠲᠥᠷᠥᠯ ᠵᠦᠢ᠍ᠯ ᠨᠢᠭᠡᠨᠲᠡ 30 ᠪᠣᠯᠪᠠ  ᠃ ᠡᠭᠦᠨ᠎ᠳᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ 1᠂ ᠬᠣᠲᠠ ᠵᠢᠨ ᠲᠠᠰ᠎ᠤᠨ 7᠂ ᠣᠷᠣᠨ᠎ᠤ ᠲᠠᠰ᠎ᠤᠨ 22 ᠪᠤᠶ  ᠃

ᠢᠷᠡᠯᠲᠡ᠄ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            