4 ᠳ᠋ᠦ᠍ᠭᠡᠷ ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨ᠎ᠡ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠳᠠᠷᠤᠭ᠎ᠠ ᠨᠠᠷ᠎ᠤᠨ ᠰᠠᠭᠤᠳᠠᠯ ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠬᠤ ᠵᠢᠴᠢ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠨ ᠰᠤᠳᠤᠯᠬᠤ ᠠᠵᠢᠯ᠎ᠤᠨ ᠬᠤᠷᠠᠯ ᠬᠤᠷᠠᠯᠳᠤᠭᠤᠯᠪᠠ᠃ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠵᠢᠨ ᠰᠠᠯᠠᠭ᠋ᠠᠨ ᠲᠠᠰ᠎ᠠᠴᠠ ᠳᠡᠭᠡᠭᠰᠢᠬᠢ ᠺᠠᠳ᠋ᠷᠴᠤᠳ ᠬᠤᠷᠠᠯ᠎ᠳᠤ ᠣᠷᠣᠯᠴᠠᠪᠠ ᠃
ᠬᠤᠷᠠᠯ ᠳᠡᠭᠡᠷ᠎ᠡ᠂ ᠡᠩ ᠲᠡᠷᠢᠭᠦᠨ᠎ᠳᠤ 4 ᠳ᠋ᠤᠭᠡᠷ ᠰᠠᠷ᠎ᠠ ᠵᠢᠨ 6᠎ᠤ ᠡᠳᠦᠷ ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠤᠨ ᠵᠣᠬᠢᠶᠠᠨ ᠪᠠᠢ᠌ᠭᠤᠯᠵᠤ ᠬᠤᠷᠠᠯᠳᠤᠭᠤᠯᠤᠭᠰᠠᠨ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠤᠪᠴᠢᠶ᠎ᠠ ᠵᠢᠨ ᠳᠠᠷᠤᠭ᠎ᠠ ᠨᠠᠷ᠎ᠤᠨ ᠰᠠᠭᠤᠳᠠᠯ ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠵᠤ᠂ ᠬᠤᠷᠠᠯ ᠳᠡᠭᠡᠷ᠎ᠡ ᠳᠤᠷᠠᠳᠤᠭᠰᠠᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ᠂ ᠠᠶᠤᠯ ᠥᠬᠡᠶ ᠦᠢᠯᠡᠳᠪᠦᠷᠢᠯᠡᠯ᠂ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ ᠢ ᠰᠠᠢ᠌ᠲᠤᠷ ᠠᠳᠬᠤᠵᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠵᠡᠷᠭᠡ ᠲᠠᠯ᠎ᠠ ᠵᠢᠨ ᠱᠠᠭ᠋ᠠᠷᠳᠠᠯᠭ᠎ᠠ ᠵᠢ ᠨᠠᠷᠢᠨ ᠪᠠᠢ᠌ᠷᠢᠯᠠᠭᠤᠯᠪᠠ ᠃ 《ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠡᠵᠡᠩᠨᠡᠯᠲᠡ ᠵᠢᠨ ᠪᠠᠢ᠌ᠳᠠᠯ᠎ᠤᠨ ᠰᠢᠨ᠎ᠡ ᠲᠥᠷᠥᠯ ᠵᠦᠢᠯ ᠪᠠ ᠲᠦᠭᠰᠢᠭᠦᠷᠢ ᠶᠡᠬᠡᠲᠡᠶ ᠵᠢᠭᠤᠯᠴᠢᠯᠠᠯ᠎ᠤᠨ ᠲᠥᠷᠥᠯ ᠵᠦᠢᠯ᠎ᠤᠨ ᠠᠶᠤᠯ ᠦᠭᠡᠶ ᠦᠢᠯᠡᠳᠪᠦᠷᠢᠯᠡᠯ᠎ᠳᠤ ᠬᠢᠨᠠᠯᠲᠠ ᠲᠠᠯᠪᠢᠵᠤ ᠪᠠᠢ᠌ᠴᠠᠭ᠋ᠠᠬᠤ ᠠᠵᠢᠯ᠎ᠤᠨ ᠴᠢᠬᠤᠯᠠ ᠵᠦᠢᠯ (ᠲᠤᠷᠰᠢᠨ ᠬᠡᠷᠡᠭᠵᠢᠭᠦᠯᠬᠦ)》᠎ᠢ ᠳᠠᠮᠵᠢᠭᠤᠯᠵᠤ᠂ ᠠᠷᠠᠳ᠎ᠤᠨ ᠪᠠᠭᠤᠳᠠᠯ᠂ ᠡᠯᠧᠺᠲᠷᠣᠨ ᠲᠤᠭᠯᠠᠭ᠋ᠠᠮ ᠤᠨ ᠵᠣᠴᠢᠳ᠎ᠤᠨ ᠪᠠᠭᠤᠳᠠᠯ᠂ ᠲᠠᠷᠢᠶᠠᠴᠢᠨ ᠠᠢ᠌ᠯ᠎ᠤᠨ ᠪᠠᠶᠠᠰᠤᠯ᠂ ᠬᠥᠳᠡᠯᠭᠡᠬᠦ ᠬᠦᠴᠦᠨ᠎ᠤ ᠪᠤᠰᠤ ᠵᠢᠭᠤᠯᠴᠢᠯᠠᠯ᠎ᠤᠨ ᠣᠩᠭᠣᠴᠠ ᠵᠡᠷᠭᠡ ᠰᠣᠶᠣᠯ ᠵᠢᠭᠤᠯᠴᠢᠯᠠᠯ᠎ᠤᠨ ᠡᠵᠡᠩᠨᠡᠯᠲᠡ ᠵᠢᠨ ᠪᠠᠢ᠌ᠳᠠᠯ᠎ᠤᠨ ᠰᠢᠨ᠎ᠡ ᠲᠥᠷᠥᠯ ᠵᠦᠢᠯ ᠪᠠ ᠰᠢᠯ ᠬᠥᠭᠥᠷᠭᠡᠨ ᠵᠠᠮ ᠵᠡᠷᠭᠡ ᠲᠦᠭᠰᠢᠭᠦᠷᠢ ᠶᠡᠬᠡᠲᠡᠶ ᠵᠢᠭᠤᠯᠴᠢᠯᠠᠯ᠎ᠤᠨ ᠲᠥᠷᠥᠯ ᠵᠦᠢᠯ᠎ᠤᠨ ᠠᠵᠢᠯ ᠲᠥᠷᠥᠯ᠎ᠤᠨ ᠠᠶᠤᠯ ᠦᠭᠡᠶ ᠵᠢᠨ ᠬᠢᠨᠠᠯᠲᠠ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠪᠠ ᠠᠭᠤᠯᠭ᠎ᠠ ᠵᠢ ᠤᠯᠠᠮ ᠨᠢᠭᠡ ᠠᠯᠬᠤᠮ ᠳᠤᠳᠤᠷᠬᠠᠢ᠌ᠯᠠᠪᠠ ᠃ ᠬᠤᠷᠠᠯ ᠳᠡᠭᠡᠷ᠎ᠡ᠂ 4 ᠳ᠋ᠤᠭᠡᠷ ᠰᠠᠷ᠎ᠠ ᠵᠢᠨ 8᠎ᠤ ᠡᠳᠦᠷ ᠬᠤᠷᠠᠯᠳᠤᠭᠤᠯᠤᠭᠰᠠᠨ ᠦᠬᠠᠶ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠵᠡᠷᠭᠡ᠎ᠪᠠᠷ ᠳᠠᠮᠵᠢᠭᠤᠯᠪᠠ ᠃