ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠡᠮ ᠰᠣᠭᠣᠭ᠎ᠢ ᠤᠯᠠᠮ ᠨᠢᠭᠡ ᠠᠯᠬᠤᠮ ᠬᠣᠷᠢᠭᠯᠠᠵᠤ᠂ ᠭᠠᠯ ᠲᠦᠢᠮᠡᠷ᠎ᠤᠨ ᠡᠨᠳᠡᠯ ᠭᠠᠷᠬᠤ ᠵᠢ ᠤᠷᠢᠳᠴᠢᠯᠠᠨ ᠰᠡᠷᠭᠡᠢ᠌ᠯᠡᠬᠦ ᠪᠠ ᠪᠠᠭ᠋ᠠᠰᠬᠠᠬᠤ ᠵᠢᠨ ᠲᠥᠯᠥᠭᠡ᠂ 2 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠨᠠᠭ᠋ᠠᠰᠢ᠂ ᠪᠥᠬᠥ ᠠᠢ᠌ᠮᠠᠭ᠎ᠤᠨ ᠡᠯ᠎ᠡ ᠱᠠᠲᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ 《ᠪᠠᠭ᠎ᠠ ᠭᠠᠯᠳᠤ ᠬᠦᠮᠦᠨ ᠡᠨᠳᠡᠬᠦ》 ᠵᠢ ᠬᠤᠷᠢᠭᠯᠠᠬᠤ ᠵᠢᠨ ᠲᠣᠭᠣᠷᠢᠨ᠎ᠳᠤ ᠭᠠᠯ ᠰᠡᠷᠭᠡᠢ᠌ᠯᠡᠬᠦ ᠠᠮᠤᠷ ᠲᠦᠪᠰᠢᠨ᠎ᠤ ᠶᠡᠬᠡ ᠵᠢᠭᠰᠠᠭ᠋ᠠᠨ ᠪᠠᠢ᠌ᠴᠠᠭ᠋ᠠᠯᠲᠠ ᠦᠷᠨᠢᠭᠦᠯᠵᠦ᠂ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠰᠠᠯᠠᠭ᠎ᠠ ᠮᠥᠴᠢᠷ᠎ᠲᠠᠢ ᠬᠠᠮᠵᠢᠯᠴᠠᠨ ᠬᠠᠭ᠋ᠠᠰ ᠰᠠᠷ᠎ᠠ ᠵᠢᠨ ᠬᠤᠭᠤᠴᠠᠭ᠎ᠠ᠎ᠲᠠᠢ ᠭᠠᠯ ᠰᠡᠷᠭᠡᠢ᠌ᠯᠡᠵᠦ ᠭᠠᠯ ᠤᠨᠲᠠᠷᠠᠭ᠋ᠠᠬᠤ ᠬᠡᠮ ᠰᠣᠭᠣᠭ᠎ᠢ ᠰᠢᠮᠳᠠᠭᠤᠯᠤᠨ ᠪᠠᠢ᠌ᠴᠠᠭ᠋ᠠᠵᠤ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠠᠶᠤᠯ ᠥᠬᠡᠶ ᠦᠢᠯᠡᠳᠪᠦᠷᠢᠯᠡᠯ᠎ᠤᠨ ᠰᠢᠵᠢᠮ᠎ᠢ ᠴᠠᠭ ᠢᠮᠠᠭᠲᠠ ᠴᠢᠩᠭ᠋ᠠᠯᠠᠪᠠ᠃
ᠰᠣᠶᠣᠯ ᠵᠢᠭᠤᠯᠴᠢᠯᠠᠯ᠎ᠤᠨ ᠲᠠᠯᠠᠪᠤᠷ᠎ᠤᠨ ᠬᠥᠮᠦᠰ ᠲᠥᠪᠯᠡᠷᠡᠬᠦ ᠣᠨᠴᠠᠯᠢᠭ᠎ᠲᠠᠢ ᠤᠶᠠᠯᠳᠤᠭᠤᠯᠵᠤ᠂ ᠬᠠᠤᠯᠢ ᠬᠡᠷᠡᠭᠵᠢᠭᠦᠯᠬᠦ ᠠᠵᠢᠯᠲᠠᠨ ᠰᠡᠷᠭᠡᠢ᠌ᠯᠡᠨ ᠡᠵᠡᠮᠳᠡᠬᠦ᠎ᠳᠤ 《ᠨᠢᠭᠡ ᠭᠡᠷ ᠨᠢᠭᠡ ᠡᠷᠦᠬᠡ》 ᠵᠢ ᠴᠤ᠌ ᠣᠷᠬᠢᠭᠳᠠᠭᠤᠯᠬᠤ ᠦᠭᠡᠢ ᠱᠠᠭ᠋ᠠᠷᠳᠠᠯᠭ᠎ᠠ ᠶᠣᠰᠣᠭ᠋ᠠᠷ᠂ ᠦᠢ᠍ᠯᠡᠳᠪᠦᠷᠢᠯᠡᠵᠦ ᠡᠵᠡᠩᠨᠡᠬᠦ ᠠᠵᠤ ᠠᠬᠤᠢ᠌ᠯᠠᠯ᠎ᠤᠨ ᠳᠠᠯᠳᠠ ᠭᠡᠮ᠎ᠤᠨ ᠲᠣᠭ᠎ᠠ ᠬᠡᠮᠵᠢᠶ᠎ᠡ ᠵᠢ ᠣᠨᠣᠪᠴᠢᠲᠠᠶ ᠡᠵᠡᠮᠰᠢᠵᠦ᠂ ᠵᠠᠬ᠎ᠠ ᠳᠡᠯᠭᠡᠭᠦᠷ᠎ᠤᠨ ᠬᠠᠮᠤᠭ᠎ᠤᠨ ᠰᠢᠨ᠎ᠡ ᠬᠥᠳᠡᠯᠦᠯ ᠪᠠᠢ᠌ᠳᠠᠯ᠎ᠢ ᠴᠠᠭ ᠲᠤᠬᠠᠶ᠎ᠳᠤᠨᠢ ᠳᠠᠭ᠋ᠠᠵᠤ᠂ ᠰᠦᠯᠵᠢᠶᠡᠨ ᠪᠠᠭ᠋ᠠᠷ᠂ ᠳᠠᠭᠤᠤ ᠵᠢᠨ ᠲᠢᠩᠬᠢᠮ᠂ ᠬᠡᠪᠯᠡᠭᠦ ᠦᠢ᠍ᠯᠡᠳᠪᠦᠷᠢ᠂ ᠦᠵᠡᠮᠵᠢ ᠵᠢᠨ ᠣᠷᠣᠨ᠂ ᠠᠷᠢᠬᠢᠨ ᠮᠤᠬᠤᠯᠠᠭ᠂ ᠨᠢᠭᠤᠴᠠ ᠦᠷᠦᠭᠡ᠂ ᠤᠮᠪᠠᠯᠲᠠ ᠵᠢᠨ ᠭᠠᠵᠠᠷ᠂ ᠪᠡᠶ᠎ᠡ ᠴᠢᠬᠢᠷᠠᠭᠵᠢᠭᠤᠯᠬᠤ ᠭᠠᠵᠠᠷ᠂ ᠺᠢᠨᠣ᠋ ᠵᠢᠨ ᠣᠷᠳᠤᠨ᠂ ᠲᠣᠭᠯᠠᠯᠲᠠ ᠵᠢᠨ ᠲᠠᠯᠠᠪᠤᠷ᠂ ᠴᠢᠴᠢᠭᠦᠷ ᠪᠥᠮᠪᠥᠭᠡᠨ᠎ᠤ ᠭᠠᠵᠠᠷ᠂ ᠨᠣᠮ᠎ᠤᠨ ᠳᠡᠯᠭᠡᠭᠦᠷ ᠵᠡᠷᠭᠡ᠎ᠪᠠᠷ ᠭᠣᠤᠯᠳᠠᠯᠭ᠎ᠠ ᠪᠤᠯᠭ᠋ᠠᠵᠤ᠂ ᠡᠯ᠎ᠡ ᠲᠠᠯᠠᠪᠤᠷ᠎ᠲᠤ᠎ᠬᠢ ᠭᠠᠯ ᠤᠨᠲᠠᠷᠠᠭ᠋ᠠᠬᠤ ᠪᠡᠯᠡᠳᠬᠡᠮᠵᠢ ᠵᠢᠨ ᠪᠦᠷᠢᠨ ᠪᠦᠲᠦᠨ ᠪᠠᠢ᠌ᠬᠤ ᠡᠰᠡᠬᠦ᠂ ᠭᠠᠯ ᠬᠡᠷᠡᠭᠯᠡᠬᠦ ᠴᠠᠬᠢᠯᠭ᠋ᠠᠨ ᠬᠡᠷᠡᠭᠯᠡᠬᠦ ᠬᠡᠢ ᠬᠡᠷᠡᠭᠯᠡᠬᠦ᠎ᠨᠢ ᠳᠦᠷᠢᠮᠵᠢᠭᠰᠡᠨ ᠡᠰᠡᠬᠦ᠂ ᠲᠠᠷᠬᠠᠭ᠋ᠠᠨ ᠶᠠᠪᠤᠭᠤᠯᠬᠤ ᠭᠤᠳᠤᠮ ᠪᠠ ᠠᠮᠤᠷ ᠲᠦᠪᠰᠢᠨ᠎ᠤ ᠭᠠᠷᠬᠤ ᠡᠭᠦᠳᠡ ᠰᠠᠭ᠋ᠠᠳ ᠦᠭᠡᠶ ᠨᠡᠪᠲᠡᠷᠡᠭᠰᠡᠨ ᠡᠰᠡᠬᠦ ᠵᠢ ᠲᠤᠬᠠᠶ ᠵᠢᠨ ᠭᠠᠵᠠᠷ᠎ᠳᠤᠨᠢ ᠪᠠᠢ᠌ᠴᠠᠭ᠋ᠠᠵᠤ᠂ ᠠᠮᠤᠷ ᠲᠦᠪᠰᠢᠨ᠎ᠤ ᠳᠠᠯᠳᠠ ᠭᠡᠮ ᠣᠷᠣᠰᠢᠵᠤ ᠪᠠᠢ᠌ᠭ᠎ᠠ ᠲᠠᠯᠠᠪᠤᠷ᠎ᠲᠤ ᠬᠠᠤᠯᠢ ᠬᠡᠷᠡᠭᠵᠢᠭᠦᠯᠬᠦ ᠠᠵᠢᠯᠲᠠᠨ ᠲᠡᠷᠡ ᠳᠣᠤᠷ᠎ᠠ᠎ᠨᠢ ᠴᠡᠭᠴᠡᠯᠡᠨ ᠥᠭᠡᠷᠡᠴᠢᠯᠡᠬᠦ ᠮᠡᠳᠡᠭᠳᠡᠯ ᠪᠠᠭᠤᠯᠭ᠋ᠠᠭᠰᠠᠨ ᠪᠦᠭᠡᠳ ᠬᠤᠭᠤᠴᠠᠭ᠎ᠠ ᠬᠢᠵᠠᠭ᠋ᠠᠷᠯᠠᠵᠤ ᠬᠢᠨᠠᠨ ᠪᠠᠢ᠌ᠴᠠᠭ᠋ᠠᠵᠤ ᠰᠢᠯᠭ᠋ᠠᠨ ᠠᠪᠤᠨ᠎ᠠ᠃
ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ᠂ ᠬᠠᠤᠯᠢ ᠬᠡᠷᠡᠭᠵᠢᠭᠦᠯᠬᠦ ᠠᠵᠢᠯᠲᠠᠨ 《ᠭᠤᠷᠪᠠᠨ ᠡᠬᠡ ᠲᠠᠩᠰᠠ》 ᠵᠢ ᠳᠡᠯᠭᠡᠷᠡᠭᠦᠯᠬᠦ᠎ᠪᠠᠷ ᠭᠠᠯ ᠤᠨᠲᠠᠷᠠᠭ᠋ᠠᠬᠤ ᠠᠷᠭ᠎ᠠ ᠬᠡᠮᠵᠢᠶ᠎ᠡ ᠵᠢᠨ ᠨᠠᠢ᠌ᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠰᠢᠪᠠᠳᠠᠪᠠ᠂ ᠨᠢᠭᠡ᠎ᠳᠤ᠂ ᠪᠥᠬᠥ ᠠᠢ᠌ᠮᠠᠭ᠎ᠤᠨ ᠰᠣᠶᠣᠯ᠎ᠤᠨ ᠡᠵᠡᠩᠨᠡᠯᠲᠡ ᠵᠢᠨ ᠲᠠᠯᠠᠪᠤᠷ ᠭᠠᠵᠠᠷ᠎ᠲᠤ 《ᠠᠶᠤᠯ ᠥᠬᠡᠶ ᠦᠢᠯᠡᠳᠪᠦᠷᠢᠯᠡᠯ᠎ᠤᠨ ᠲᠦᠷᠢᠮ᠎ᠤᠨ ᠡᠬᠡ ᠲᠠᠩᠰᠠ》 ᠵᠢ ᠨᠡᠢ᠌ᠳᠡᠮ ᠪᠥᠷᠬᠥᠭᠦᠯᠬᠦ ᠵᠢ ᠪᠡᠶᠡᠯᠡᠭᠦᠯᠦᠨ᠎ᠡ᠂ ᠬᠣᠶᠠᠷ᠎ᠲᠤ᠂ ᠡᠵᠡᠩᠨᠡᠯᠲᠡ ᠵᠢᠨ ᠨᠢᠭᠡᠴᠢ ᠨᠢᠭᠡᠪᠦᠷᠢ᠎ᠳᠤ ᠴᠥᠮ ᠨᠢᠭᠡ ᠠᠮᠤᠷ ᠲᠦᠪᠰᠢᠨ᠎ᠤ ᠠᠵᠢᠯᠲᠠᠨ ᠲᠤᠬᠢᠷᠠᠭᠤᠯᠤᠨ᠎ᠠ᠂ ᠭᠤᠷᠪᠠ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠰᠠᠨᠠᠭ᠋ᠠᠴᠢᠯᠠᠭ᠎ᠠ᠎ᠠᠴᠠ᠎ᠪᠠᠨ ᠡᠵᠡᠩᠨᠡᠯᠲᠡ ᠵᠢᠨ ᠥᠮᠴᠢᠲᠡᠨ᠎ᠳᠤ ᠭᠠᠯ ᠤᠨᠲᠠᠷᠠᠭ᠋ᠠᠬᠤ ᠪᠠᠴᠢᠮ ᠪᠠᠢ᠌ᠳᠠᠯ᠎ᠢ ᠠᠷᠭ᠋ᠠᠴᠠᠬᠤ ᠶᠡᠷᠦ ᠵᠢᠨ ᠮᠡᠳᠡᠯᠭᠡ ᠵᠢ ᠵᠢᠭ᠋ᠠᠵᠤ ᠥᠭᠭᠦᠨ᠎ᠡ᠃
ᠲᠣᠰ ᠤᠳᠠᠭ᠋ᠠᠨ᠎ᠤ ᠲᠤᠰᠬᠠᠶ ᠠᠵᠢᠯᠯᠠᠭ᠎ᠠ᠎ᠳᠤ ᠬᠠᠤᠯᠢ ᠬᠡᠷᠡᠭᠵᠢᠭᠦᠯᠬᠦ ᠠᠵᠢᠯᠲᠠᠨ ᠨᠡᠢ᠌ᠲᠡ 2110 ᠬᠥᠮᠦᠨ ᠤᠳᠠᠭ᠎ᠠ ᠣᠷᠤᠯᠴᠠᠵᠤ᠂ ᠬᠠᠤᠯᠢ ᠬᠡᠷᠡᠭᠵᠢᠭᠦᠯᠬᠦ ᠲᠡᠷᠭᠡ ᠵᠢ ᠨᠡᠢ᠌ᠲᠡ 704 ᠰᠠᠭᠤᠷᠢ ᠤᠳᠠᠭ᠎ᠠ ᠬᠥᠳᠡᠯᠭᠡᠵᠦ᠂ ᠡᠯ᠎ᠡ ᠲᠥᠷᠥᠯ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ 1054 ᠡᠷᠦᠬᠡ ᠪᠠᠢ᠌ᠴᠠᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠬᠢᠩᠭ᠋ᠠᠨ ᠠᠢ᠌ᠮᠠᠭ᠎ᠤᠨ ᠡᠯ᠎ᠡ ᠱᠠᠲᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠠᠶᠤᠯ ᠦᠭᠡᠢ ᠦᠢᠯᠡᠳᠪᠦᠷᠢᠯᠡᠯ᠎ᠤᠨ ᠪᠠᠢ᠌ᠴᠠᠭ᠋ᠠᠯᠲᠠ ᠵᠢᠨ 《ᠳᠠᠬᠢᠨ ᠪᠠᠢ᠌ᠴᠠᠭ᠋ᠠᠬᠤ》 ᠠᠵᠢᠯ᠎ᠢ ᠦᠷᠭᠦᠯᠵᠢᠯᠡᠨ ᠥᠷᠨᠢᠭᠦᠯᠵᠦ᠂ ᠲᠤᠰᠬᠠᠶ ᠪᠠᠢ᠌ᠴᠠᠭ᠋ᠠᠯᠲᠠ ᠵᠢᠨ ᠴᠡᠭᠴᠡᠯᠡᠨ ᠵᠠᠰᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠪᠥᠬᠥ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠲᠣᠭᠲᠠᠭᠤᠨ ᠪᠠᠢ᠌ᠬᠤ ᠵᠢ ᠦᠨᠡᠨ ᠬᠦ᠌ ᠪᠠᠲᠤᠯᠠᠨ᠎ᠠ᠃