ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠤᠷᠠᠨ ᠪᠢᠴᠢᠯᠭᠡ ᠵᠢᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄ 2022-03-31

      ᠤᠷᠠᠨ ᠪᠢᠴᠢᠯᠭᠡ ᠵᠢᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠠᠬᠢᠭᠤᠯᠬᠤ ᠵᠢᠨ ᠲᠥᠯᠥᠭᠡ᠂ ᠣᠢ᠌ᠷ᠎ᠠ᠎ᠳᠤ᠂ ᠦᠬᠠᠶ ᠬᠣᠲᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠂ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ᠂ ᠬᠣᠲᠠ ᠵᠢᠨ ᠤᠳᠬ᠎ᠠ ᠤᠷᠠᠯᠢᠭ᠎ᠤᠨ᠎ᠬᠢᠨ᠎ᠤ ᠬᠣᠯᠪᠣᠭ᠎ᠠ ᠵᠡᠷᠭᠡ ᠬᠠᠮᠢᠶ᠎ᠠ ᠪᠥᠬᠥᠶ ᠰᠠᠯᠠᠭ᠎ᠠ ᠮᠥᠴᠢᠷ ᠬᠠᠮᠲᠤᠷᠠᠨ ᠤᠷᠠᠨ ᠪᠢᠴᠢᠯᠭᠡ ᠵᠢᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠲᠤᠰᠬᠠᠶ ᠰᠡᠳᠦᠪᠲᠦ ᠪᠠᠢ᠌ᠴᠠᠭ᠋ᠠᠨ ᠰᠤᠳᠤᠯᠤᠯᠲᠠ ᠥᠷᠨᠢᠭᠦᠯᠦᠭᠰᠡᠨ ᠪᠥᠭᠡᠳ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠬᠥᠭᠵᠢᠯᠲᠡ ᠵᠢᠨ ᠲᠣᠭᠣᠷᠢᠨ᠎ᠳᠤ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠥᠶ ᠰᠣᠶᠣᠯ᠎ᠤᠨ ᠠᠵᠤ ᠠᠬᠤᠢ᠌ᠯᠠᠯ᠎ᠤᠨ ᠤᠷᠠᠨ ᠪᠢᠴᠢᠯᠭᠡ ᠵᠢᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠳᠡᠭᠡᠭᠰᠢᠯᠡᠭᠦᠯᠬᠦ ᠰᠡᠳᠬᠢᠮᠵᠢ ᠵᠢᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠪᠠ᠃ ᠡᠯ᠎ᠡ ᠠᠵᠤ ᠠᠬᠤᠢ᠌ᠯᠠᠯ ᠬᠦᠷᠢᠶᠡᠯᠡᠩ ᠲᠣᠭᠣᠷᠢᠭ᠎ᠤᠨ ᠲᠥᠯᠥᠪᠵᠢᠭᠦᠯᠭᠡ ᠪᠠᠢ᠌ᠷᠢᠰᠢᠭᠤᠯᠤᠯᠲᠠ᠂ ᠴᠢᠳᠠᠮᠵᠢ ᠵᠢᠨ ᠲᠣᠬᠢᠷᠠᠭᠤᠯᠤᠯᠲᠠ᠂ ᠬᠥᠭᠵᠢᠯᠲᠡ ᠵᠢᠨ ᠢᠷᠡᠭᠡᠳᠦᠶ ᠵᠡᠷᠭᠡ ᠬᠣᠯᠪᠣᠭᠳᠠᠯ ᠪᠥᠬᠥᠶ ᠪᠠᠢ᠌ᠳᠠᠯ᠎ᠤᠨ ᠲᠣᠭᠣᠷᠢᠨ᠎ᠳᠤ ᠨᠠᠷᠢᠨ ᠲᠠᠨᠢᠯᠴᠠᠭᠤᠯᠵᠤ᠂ ᠬᠦᠷᠢᠶᠡᠯᠡᠩ ᠲᠣᠭᠣᠷᠢᠭ᠎ᠤᠨ ᠲᠠᠰ ᠳᠡᠪᠰᠢᠭᠦᠯᠬᠦ ᠠᠷᠭ᠎ᠠ ᠵᠠᠮ ᠪᠠ ᠰᠢᠯᠢᠳᠡᠭᠵᠢᠭᠦᠯᠬᠦ ᠰᠡᠳᠬᠢᠮᠵᠢ ᠵᠢᠨ ᠲᠤᠬᠠᠶ ᠦᠨᠡᠨ ᠬᠦ᠌ ᠬᠡᠷᠡᠭᠵᠢᠭᠦᠯᠵᠦ ᠪᠣᠯᠬᠤᠢ᠌ᠴᠠ ᠲᠥᠰᠦᠯ᠎ᠢ ᠳᠤᠷᠠᠳᠪᠠ᠃
      ᠳᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠤᠷᠠᠨ ᠪᠢᠴᠢᠯᠭᠡ ᠵᠢᠨ ᠰᠣᠶᠣᠯ᠎ᠤᠨ ᠠᠵᠤ ᠦᠢᠯᠡᠰ᠎ᠤᠨ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠭᠣᠤᠯ ᠡᠵᠡᠩᠨᠡᠯᠲᠡ ᠵᠢᠨ ᠬᠡᠯᠪᠡᠷᠢ ᠵᠢ ᠳᠣᠪᠤᠢ᠌ᠯᠠᠭ᠋ᠠᠵᠤ᠂ ᠲᠤᠰᠠᠯᠠᠬᠤ ᠡᠵᠡᠩᠨᠡᠯᠲᠡ ᠵᠢᠨ ᠬᠡᠯᠪᠡᠷᠢ ᠵᠢ ᠢᠵᠢ ᠪᠦᠷᠢᠳᠦᠭᠦᠯᠵᠦ᠂ ᠤᠷᠠᠨ ᠪᠢᠴᠢᠯᠭᠡ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢ ᠬᠦᠭᠵᠢᠭᠦᠯᠵᠦ᠂ ᠪᠠᠶᠠᠷ ᠳᠤᠷᠠᠰᠬᠠᠯ᠎ᠤᠨ ᠦᠵᠡᠰᠬᠦᠯᠡᠩ ᠴᠢᠭᠤᠯᠭ᠋ᠠᠨ ᠵᠡᠷᠭᠡ ᠬᠠᠮᠢᠶ᠎ᠠ ᠪᠦᠬᠦᠢ ᠠᠵᠤ ᠦᠢᠯᠡᠰ᠎ᠢ   ᠪᠤᠢ᠌ᠵᠢᠭᠤᠯᠵᠤ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠤᠨ ᠲᠥᠷᠦ ᠵᠢᠨ ᠪᠣᠳᠣᠯᠭ᠎ᠠ ᠪᠠ ᠪᠡᠯᠡ ᠮᠥᠩᠭᠥᠨ᠎ᠤ ᠳᠡᠮᠵᠢᠯᠭᠡ ᠵᠢ ᠣᠯᠬᠤ᠎ᠪᠠᠷ ᠢᠳᠡᠪᠬᠢᠲᠡᠢ   ᠴᠢᠷᠮᠠᠢ᠌ᠵᠤ᠂ ᠬᠦᠷᠢᠶᠡᠯᠡᠩ ᠲᠣᠭᠣᠷᠢᠭ᠎ᠤᠨ ᠣᠯᠠᠨ ᠨᠡᠢ᠌ᠲᠡ ᠵᠢᠨ ᠦᠢ᠍ᠯᠡᠴᠢᠯᠡᠭᠡᠨ᠎ᠤ ᠢᠵᠢ ᠪᠦᠷᠢᠳᠦᠭᠦᠯᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠂ ᠠᠳᠠᠯ ᠦᠢ᠍ᠯᠡᠰ ᠴᠣᠭᠴᠠᠯᠠᠵᠤ ᠰᠢᠨ᠎ᠡ ᠵᠢ ᠡᠭᠦᠳᠬᠦ ᠣᠷᠴᠢᠨ ᠨᠥᠬᠥᠴᠡᠯ᠎ᠢ ᠰᠢᠯᠢᠳᠡᠭᠵᠢᠭᠦᠯᠵᠦ᠂ ᠰᠣᠶᠣᠯ᠎ᠤᠨ 《ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ》 ᠵᠢ ᠪᠤᠶ ᠪᠤᠯᠭ᠋ᠠᠵᠤ᠂ ᠤᠷᠠᠨ ᠪᠢᠴᠢᠯᠭᠡ ᠵᠢᠨ ᠰᠣᠶᠣᠯ᠎ᠤᠨ ᠠᠵᠤ ᠦᠢ᠍ᠯᠡᠰ᠎ᠤᠨ ᠬᠦᠷᠢᠶᠡᠯᠡᠩ ᠲᠣᠭᠣᠷᠢᠭ᠎ᠤᠨ   ᠦᠢ᠍ᠯᠡᠰ ᠪᠤᠰᠬᠠᠬᠤ᠂ ᠰᠤᠷᠤᠯᠴᠠᠯᠭ᠎ᠠ ᠵᠢᠨ ᠦᠢ᠍ᠯᠡᠴᠢᠯᠡᠭᠡ᠂ ᠮᠡᠳᠡᠭᠡ ᠵᠠᠩᠭᠢ ᠵᠢᠨ ᠰᠣᠯᠢᠯᠴᠠᠭ᠎ᠠ᠂ ᠳᠡᠯᠭᠡᠨ ᠦᠵᠡᠭᠦᠯᠵᠦ ᠦᠨᠡᠯᠡᠨ ᠵᠢᠱ᠌ᠢᠬᠦ᠂ ᠤᠷᠠᠨ ᠪᠢᠴᠢᠯᠭᠡ ᠤᠷᠠᠨ ᠵᠢᠷᠤᠭ᠎ᠤᠨ ᠠᠷᠠᠯᠵᠢᠶ᠎ᠠ ᠵᠡᠷᠭᠡ ᠣᠯᠠᠨ ᠨᠡᠢ᠌ᠲᠡ ᠵᠢᠨ ᠦᠢᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠵᠢ ᠠᠬᠢᠭᠤᠯᠵᠤ᠂ ᠪᠦᠬᠦ ᠬᠣᠲᠠ ᠵᠢᠨ ᠰᠣᠶᠣᠯ᠎ᠤᠨ ᠦᠢ᠍ᠯᠡᠰ ᠪᠣᠰᠬᠠᠵᠤ ᠰᠢᠨ᠎ᠡ ᠵᠢ ᠡᠭᠦᠳᠬᠦ᠎ᠳᠤ ᠲᠤᠰᠬᠠᠢ᠌ᠵᠢᠭᠰᠠᠨ ᠦᠢ᠍ᠯᠡᠴᠢᠯᠡᠭᠡ ᠬᠠᠩᠭ᠋ᠠᠵᠤ᠂ 《ᠳᠤᠮᠳᠠᠳᠤ ᠤᠯᠤᠰ᠎ᠤᠨ ᠤᠷᠠᠨ ᠪᠢᠴᠢᠯᠭᠡ ᠵᠢᠨ ᠬᠤᠳᠠ》 ᠭᠡᠬᠦ ᠦᠬᠠᠢ ᠬᠤᠳᠠ ᠵᠢᠨ ᠨᠡᠷ᠎ᠡ ᠵᠢᠨ ᠬᠠᠭᠤᠳᠠᠰᠤ ᠵᠢ ᠰᠠᠢ᠌ᠲᠤᠷ ᠴᠣᠭᠴᠠᠯᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠬᠤ  ᠎ᠪᠠᠷ ᠪᠤᠢ᠃  

ᠢᠷᠡᠯᠲᠡ᠄ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠵᠢᠭ᠎ᠤᠨ ᠪᠠᠢ᠌ᠳᠠᠯ᠎ᠤᠨ ᠵᠠᠮ ᠳᠡᠭᠡᠷ᠎ᠡ ᠬᠠᠷᠢᠭᠤᠴᠠᠯᠭ᠎ᠠ ᠡᠭᠦᠷᠭᠡᠯᠡᠯ ᠵᠶ᠋ᠡᠨ ᠢᠯᠡᠷᠡᠭᠦᠯᠪᠡ — ᠬᠦᠬᠡᠬᠣᠲᠠ ᠵᠢᠨ ᠰᠣᠶᠣᠯ ᠵᠢᠭᠤᠯᠴᠢᠯᠠᠯ ᠷᠠᠳᠢᠤ᠋ ᠲᠸᠯᠸᠢᠰ᠎ᠤᠨ ᠲᠣᠪᠴᠢᠶ᠎ᠠ ᠨᠢᠭᠲᠠᠷᠠᠨ ᠪᠦᠯᠬᠦᠮᠳᠡᠵᠦ ᠬᠢᠵᠢᠭ᠎ᠲᠠᠢ ᠲᠡᠮᠡᠴᠡᠪᠡ
ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ ᠠᠯᠠᠱ᠌ᠠ ᠠᠢ᠌ᠮᠠᠭ᠎ᠤᠨ ᠰᠣᠶᠣᠯ ᠪᠠ ᠵᠢᠭᠤᠯᠴᠢᠯᠠᠯ᠎ᠤᠨ ᠵᠠᠬ᠎ᠠ ᠳᠡᠯᠭᠡᠭᠦᠷ ᠲᠣᠭᠲᠠᠭᠤᠨ ᠪᠥᠭᠡᠳ ᠡᠮᠬᠢ ᠵᠢᠷᠤᠮ᠎ᠲᠠᠢ
ᠦᠬᠠᠢ ᠬᠤᠲᠠ ᠵᠢᠨ ᠮᠦᠽᠧᠢ ᠵᠢᠨ ᠬᠠᠳᠠᠭ᠋ᠠᠯᠠᠵᠤ ᠪᠠᠢ᠌ᠭ᠎ᠠ ᠰᠣᠳᠣᠨ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠲᠤᠭ᠋ᠠᠵᠢᠭᠤᠯᠬᠤ ᠲᠦᠷᠦᠯ ᠵᠦᠢ᠍ᠯ᠎ᠢ ᠤᠳᠠᠯ ᠦᠭᠡᠢ ᠡᠬᠢᠯᠡᠭᠦᠯᠵᠦ ᠳᠡᠯᠭᠡᠨ ᠦᠵᠡᠭᠦᠯᠬᠦ ᠬᠢᠷᠢ ᠲᠦᠪᠰᠢᠨ ᠵᠶ᠋ᠡᠨ ᠶᠡᠬᠡ᠎ᠪᠠᠷ ᠳᠡᠭᠡᠭᠰᠢᠯᠡᠭᠦᠯᠦᠨ᠎ᠡ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠰᠣᠶᠣᠯ ᠵᠢᠭᠤᠯᠴᠢᠯᠠᠯ᠎ᠤᠨ ᠦᠢᠯᠡᠰ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠵᠢᠷᠤᠮᠵᠢᠭᠤᠯᠵᠤ ᠠᠷᠠᠳ ᠣᠯᠠᠨ᠎ᠤ ᠡᠷᠡᠭᠦᠯ ᠮᠡᠨᠳᠦ ᠠᠮᠤᠷ ᠲᠦᠪᠰᠢᠨ᠎ᠢ ᠰᠠᠬᠢᠨ ᠬᠠᠮᠠᠭ᠋ᠠᠯᠠᠪᠠ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ᠎ᠤᠨ ᠲᠣᠪᠴᠢᠶ᠎ᠠ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠰᠠᠭᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
 
            