3 ᠳ᠋ᠤᠭ᠋ᠠᠷ ᠰᠠᠷ᠎ᠠ ᠵᠢᠨ 23᠎ᠤ ᠡᠳᠦᠷ᠂ ᠲᠥᠪ ᠲᠧᠯᠸᠢᠰ᠎ᠤᠨ ᠬᠢᠲᠠᠳ ᠬᠡᠯᠡᠨ᠎ᠤ ᠣᠯᠠᠨ ᠤᠯᠤᠰ᠎ᠤᠨ ᠰᠤᠪᠠᠭ᠎ᠤᠨ 《ᠳᠤᠮᠳᠠᠳᠤ ᠤᠯᠤᠰ᠎ᠤᠨ ᠰᠣᠨᠢᠨ ᠮᠡᠳᠡᠭᠡ》 ᠪᠤᠯᠤᠩ 《ᠥᠪᠥᠷ ᠮᠣᠩᠭᠣᠯ᠎ᠤᠨ ᠤᠯᠠᠭ᠋ᠠᠨᠬᠠᠳᠠ᠄ ᠯᠢᠶᠣᠤ ᠵᠢᠨ ᠦᠶ᠎ᠡ ᠵᠢᠨ ᠱᠠᠲᠤᠯᠢᠭ ᠲᠠᠷᠢᠶᠠᠨ᠎ᠤ ᠶᠡᠬᠡ ᠬᠡᠪᠴᠢᠶᠡᠨ᠎ᠤ ᠪᠠᠭᠤᠷᠢ ᠵᠢ ᠢᠯᠡᠷᠡᠭᠦᠯᠪᠡ》ᠭᠡᠬᠦ ᠮᠡᠳᠡᠭᠡ ᠵᠢ ᠨᠡᠪᠲᠡᠷᠡᠭᠦᠯᠵᠦ᠂ ᠪᠠᠭ᠋ᠠᠷᠢᠨ ᠵᠡᠭᠦᠨ ᠬᠣᠰᠢᠭᠤ ᠯᠢᠶᠣᠤ ᠵᠢᠨ ᠦᠶ᠎ᠡ ᠵᠢᠨ ᠨᠢᠭᠡ ᠪᠦᠷᠢᠨ ᠪᠦᠲᠦᠨ ᠬᠠᠳᠠᠭ᠋ᠠᠯᠠᠭᠳᠠᠵᠤ ᠪᠠᠢ᠌ᠭ᠎ᠠ ᠱᠠᠲᠤᠯᠢᠭ ᠲᠠᠷᠢᠶᠠᠨ᠎ᠤ ᠪᠠᠭᠤᠷᠢ ᠢᠯᠡᠷᠡᠬᠦᠯᠦᠭᠰᠡᠨᠢ ᠮᠡᠳᠡᠭᠡᠯᠡᠪᠡ᠃ ᠲᠤᠰ ᠪᠠᠭᠤᠷᠢ ᠵᠢᠨ ᠲᠠᠯᠠᠪᠠᠶ᠎ᠨᠢ 300 ᠭᠠᠷᠤᠶ ᠮᠥ᠍ ᠪᠠᠢ᠌ᠵᠤ᠂ ᠪᠠᠷᠤᠭ 20 ᠳᠠᠪᠬᠤᠷᠭ᠎ᠠ ᠪᠣᠶ᠂ ᠬᠡᠳᠦᠢ᠌ᠪᠡᠷ ᠮᠢᠩᠭ᠋ᠠᠨ ᠵᠢᠯ᠎ᠢ ᠥᠩᠭᠡᠷᠡᠭᠡᠭᠰᠡᠨ ᠪᠣᠯᠪᠠᠴᠤ ᠮᠥᠨ ᠯᠡ ᠲᠡᠷᠢ ᠳᠡᠭᠰᠢ ᠪᠠᠢ᠌ᠭᠰᠠᠭ᠋ᠠᠷ᠂ ᠡᠨᠡ ᠬᠦ᠌ ᠱᠠᠲᠤᠯᠢᠭ ᠲᠠᠷᠢᠶᠠᠨ᠎ᠤ ᠪᠠᠭᠤᠷᠢ ᠵᠢ ᠢᠯᠡᠷᠡᠭᠦᠯᠦᠭᠰᠡᠨ᠎ᠨᠢ ᠯᠢᠶᠣᠤ ᠵᠢᠨ ᠦᠶ᠎ᠡ ᠳᠤ ᠲᠠᠷᠢᠶᠠᠯᠠᠬᠤ ᠪᠣᠯᠪᠠᠰᠤᠨ ᠪᠠ ᠨᠡᠭᠦᠳᠡᠯ ᠮᠠᠯᠵᠢᠯ᠎ᠤᠨ ᠪᠣᠯᠪᠠᠰᠤᠨ ᠭᠦᠨᠵᠡᠭᠡᠶ ᠠᠭᠤᠰᠤᠯᠴᠠᠭᠰᠠᠨ᠎ᠳᠤ ᠦᠨᠡᠨ ᠪᠣᠳᠠᠲᠠᠶ ᠦᠨᠳᠦᠰᠦᠯᠡᠯ ᠬᠠᠩᠭ᠋ᠠᠭᠰᠠᠨ ᠪᠠᠢ᠌ᠨ᠎ᠠ ᠃