ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠵᠠᠰᠠᠭ᠎ᠤᠨ ᠣᠷᠳᠣᠨ 2022 ᠣᠨ᠎ᠤ ᠤᠯᠤᠰ᠎ᠤᠨ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠴᠡᠴᠡᠷᠯᠢᠭ ᠵᠡᠷᠭᠡ ᠭᠣᠤᠯᠳᠠᠯᠭ᠎ᠠ᠎ᠲᠠᠢ ᠲᠥᠷᠥᠯ ᠵᠦᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-04-02

     3 ᠳ᠋ᠤᠭ᠋ᠠᠷ ᠰᠠᠷ᠎ᠠ ᠵᠢᠨ 29᠎ᠤ ᠡᠳᠦᠷ᠎ᠤᠨ ᠦᠳᠡ ᠵᠢᠨ ᠡᠮᠦᠨ᠎ᠡ᠂ ᠬᠥᠬᠡᠬᠣᠲᠠ ᠵᠢᠨ ᠵᠠᠰᠠᠭ᠎ᠤᠨ ᠣᠷᠳᠣᠨ 2022 ᠣᠨ᠎ᠤ ᠤᠯᠤᠰ᠎ᠤᠨ ᠣᠷᠳᠣ ᠴᠠᠭ᠋ᠠᠨ ᠬᠡᠷᠡᠮ᠎ᠤᠨ ᠰᠣᠶᠣᠯ᠎ᠤᠨ ᠴᠡᠴᠡᠷᠯᠢᠭ ᠵᠡᠷᠭᠡ ᠭᠣᠤᠯᠳᠠᠯᠭ᠎ᠠ᠎ᠲᠠᠢ ᠲᠥᠷᠥᠯ ᠵᠦᠢᠯ᠎ᠢ ᠠᠬᠢᠭᠤᠯᠬᠤ ᠬᠤᠷᠠᠯ   ᠬᠤᠷᠠᠯᠳᠤᠭᠤᠯᠪᠠ᠃ ᠸᠠᠩ ᠬᠤᠤ ᠯᠸᠢ ᠳᠡᠳ᠋ ᠬᠣᠲᠠ ᠵᠢᠨ ᠳᠠᠷᠤᠭ᠎ᠠ ᠬᠤᠷᠠᠯ᠎ᠢ ᠡᠷᠭᠢᠯᠡᠵᠦ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠳᠠᠷᠤᠭ᠎ᠠ ᠯᠠᠨ ᠢ ᠬᠤᠷᠠᠯ᠎ᠳᠤ   ᠤᠷᠤᠯᠴᠠᠪᠠ᠃ ᠬᠤᠷᠠᠯ   ᠳᠡᠭᠡᠷ᠎ᠡ ᠰᠢᠨ᠎ᠡ ᠬᠣᠲᠠ ᠲᠣᠭᠣᠷᠢᠭ᠂ ᠴᠢᠩ ᠱᠦᠶ ᠾᠧ ᠰᠢᠶᠠᠨ᠂ ᠲᠦᠮᠡᠳ ᠵᠡᠭᠦᠨ ᠬᠣᠰᠢᠭᠤᠨ᠎ᠤ ᠬᠠᠷᠢᠶ᠎ᠠ   ᠲᠤᠭᠤᠷᠢᠭ ᠎ᠤᠨ ᠳᠣᠲᠣᠷᠠᠬᠢ ᠭᠣᠤᠯᠳᠠᠯᠭ᠎ᠠ᠎ᠲᠠᠢ ᠲᠥᠷᠥᠯ ᠵᠦᠢᠯ᠎ᠤᠨ ᠠᠬᠢᠴᠠ ᠵᠢᠨ ᠪᠠᠢ᠌ᠳᠠᠯ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠪᠠ  ᠃
      ᠬᠤᠷᠠᠯ ᠳᠡᠭᠡᠷ᠎ᠡ᠂ ᠤᠯᠤᠰ᠎ᠤᠨ ᠰᠣᠶᠣᠯ᠎ᠤᠨ ᠴᠡᠴᠡᠷᠯᠢᠭ᠎ᠢ ᠪᠦᠳᠦᠭᠡᠨ ᠪᠠᠢ᠌ᠭᠤᠯᠵᠤ᠂ ᠴᠢᠯᠠᠭᠤᠨ ᠠᠭᠤᠢ ᠵᠢᠨ ᠰᠦᠮ᠎ᠡ ᠵᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠬᠤ ᠪᠣᠯ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠭᠠᠷᠭ᠋ᠠᠭᠰᠠᠨ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠢ᠌ᠷᠢᠯᠠᠭᠤᠯᠤᠯᠲᠠ ᠮᠥᠨ᠂ ᠰᠢᠨ᠎ᠡ ᠴᠠᠭ ᠦᠶ᠎ᠡ ᠵᠢᠨ ᠰᠣᠶᠣᠯ᠎ᠤᠨ ᠴᠡᠴᠡᠭᠯᠡᠯ ᠬᠥᠭᠵᠢᠯ᠎ᠢ ᠠᠬᠢᠭᠤᠯᠬᠤ ᠴᠢᠬᠤᠯᠠ ᠶᠡᠬᠡ ᠰᠣᠶᠣᠯ᠎ᠤᠨ ᠢᠨᠵᠧᠨᠧᠷᠢᠩ ᠮᠥᠨ᠃ ᠡᠯ᠎ᠡ ᠰᠠᠯᠠᠭ᠎ᠠ ᠮᠥᠴᠢᠷ ᠎ᠤᠨ  ᠎ᠬᠢᠨ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠴᠢᠩ ᠱᠦᠶ ᠾᠧ ᠰᠢᠶᠠᠨ᠎ᠤ ᠮᠢᠩ ᠎ᠤᠨ   ᠦᠶ᠎ᠡ ᠵᠢᠨ ᠤᠷᠲᠤ ᠴᠠᠭ᠋ᠠᠨ ᠬᠡᠷᠡᠮ ᠎ᠤᠨ ᠤᠯᠤᠰ᠎ᠤᠨ ᠰᠣᠶᠣᠯ᠎ᠤᠨ ᠴᠡᠴᠡᠷᠯᠢᠭ᠂ ᠰᠢᠨ᠎ᠡ ᠬᠣᠲᠠ ᠲᠣᠭᠣᠷᠢᠭ᠎ᠤᠨ ᠬᠥᠬᠡᠬᠣᠲᠠ ᠵᠢᠨ ᠣᠷᠳᠣ ᠴᠠᠭ᠋ᠠᠨ ᠬᠡᠷᠡᠮ᠎ᠤᠨ ᠮᠦᠽᠧᠶ ᠪᠠ ᠲᠦᠮᠡᠳ ᠵᠡᠭᠦᠨ ᠬᠣᠰᠢᠭᠤᠨ᠎ᠤ ᠭᠤᠸᠠᠩ ᠬᠤᠸᠠ ᠰᠧ ᠰᠦᠮ᠎ᠡ ᠵᠢ ᠬᠠᠮᠠᠭ᠋ᠠᠯᠠᠨ ᠠᠰᠢᠭᠯᠠᠬᠤ ᠲᠥᠷᠥᠯ ᠵᠦᠢᠯ᠎ᠢ ᠬᠥᠬᠡᠬᠣᠲᠠ ᠵᠢᠨ ᠤᠯᠤᠰ᠎ᠤᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ᠎ᠳᠤ ᠠᠭᠤᠰᠤᠯᠴᠠᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠡᠷᠬᠡᠪᠰᠢ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠂ ᠠᠷᠭ᠎ᠠ ᠬᠡᠮᠵᠢᠶ᠎ᠡ ᠵᠢᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠶ   ᠬᠡᠵᠦ ᠴᠢᠬᠤᠯᠠᠴᠢᠯᠠᠪᠠ᠃
      ᠬᠤᠷᠠᠯ ᠳᠡᠭᠡᠷ᠎ᠡ ᠳᠣᠣᠷᠠᠬᠢ ᠬᠡᠳᠦᠨ ᠱᠠᠭ᠋ᠠᠷᠳᠠᠯᠭ᠎ᠠ ᠵᠢ ᠳᠤᠷᠠᠳᠪᠠ᠄ ᠨᠢᠭᠡ᠎ᠳᠤ᠂ ᠲᠦᠷᠦᠯ ᠵᠦᠢ᠍ᠯ᠎ᠤᠨ ᠬᠥᠮᠥᠷᠭᠡ ᠵᠢ ᠨᠥᠬᠥᠪᠥᠷᠢᠯᠡᠨ᠎ᠡ  ᠃ ᠬᠠᠳᠤᠨ ᠭᠣᠣᠯ᠎ᠤᠨ ᠰᠣᠶᠣᠯ᠎ᠤᠨ ᠴᠡᠴᠡᠷᠯᠢᠭ᠎ᠢ ᠴᠦ᠍ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠬᠥᠮᠥᠷᠭᠡ᠎ᠳᠤ ᠣᠷᠣᠭᠤᠯᠵᠤ ᠦᠷᠭᠦᠯᠵᠢᠯᠡᠨ ᠠᠬᠢᠭᠤᠯᠬᠤ ᠬᠡᠷᠡᠭᠲᠡᠢ; ᠬᠣᠶᠠᠷ᠎ᠲᠤ᠂ ᠲᠥᠷᠥᠯ ᠵᠦᠢ᠍ᠯ᠎ᠤᠨ ᠳᠠᠭ᠋ᠠᠭ᠋ᠠᠴᠢᠯᠠᠯᠲᠠ ᠵᠠᠷᠯᠠᠬᠤ ᠵᠢᠷᠤᠮ᠎ᠢ ᠴᠢᠩᠭ᠎ᠠ ᠨᠢᠮᠪᠠᠢ ᠪᠠᠢ᠌ᠯᠭ᠋ᠠᠬᠤ ᠬᠡᠷᠡᠭᠲᠡᠢ  ᠃ ᠤᠯᠤᠰ᠎ᠤᠨ   ᠨᠢᠭᠤᠴᠠ   ᠵᠢ ᠬᠠᠮᠠᠭ᠋ᠠᠯᠠᠬᠤ   ᠪᠠᠢ᠌ᠭᠤᠯᠭ᠎ᠠ᠎ᠳᠤ ᠬᠣᠯᠪᠣᠭᠳᠠᠬᠤ   ᠲᠥᠷᠥᠯ ᠵᠦᠢ᠍ᠯ᠎ᠳᠤ ᠤᠯᠤᠰ᠎ᠤᠨ ᠲᠠᠰ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠬᠢᠷᠢ ᠴᠢᠳᠠᠮᠵᠢ᠎ᠲᠠᠢ ᠨᠢᠭᠡᠴᠢ ᠵᠢ ᠡᠷᠢᠵᠦ᠂ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ; ᠭᠤᠷᠪᠠ᠎ᠳᠤ᠂ ᠠᠵᠢᠯ ᠵᠶ᠋ᠠᠨ ᠱᠠᠯᠠᠪᠳᠠᠨ ᠡᠬᠢᠯᠡᠭᠦᠯᠵᠦ᠂ ᠲᠣᠩᠭᠣᠷᠤᠤ ᠵᠢᠭᠰᠠᠭ᠋ᠠᠬᠤ ᠲᠣᠭᠲᠠᠴᠠ ᠵᠢ ᠪᠠᠢ᠌ᠭᠤᠯᠬᠤ ᠬᠡᠷᠡᠭᠲᠡᠶ  ᠃ ᠡᠨᠡ ᠵᠢᠯ᠎ᠤᠨ 4 ᠳ᠋ᠦ᠍ᠭᠡᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠭᠤᠷᠪᠠᠨ ᠭᠣᠤᠯᠳᠠᠯᠭ᠎ᠠ᠎ᠲᠠᠢ ᠲᠥᠷᠥᠯ ᠵᠦᠢᠯ᠎ᠢ ᠡᠷᠬᠡᠪᠰᠢ ᠡᠬᠢᠯᠡᠭᠦᠯᠵᠦ᠂ ᠪᠤᠰᠤᠳ ᠭᠠᠷᠳᠠᠮ   ᠭᠦᠢᠴᠡᠳᠬᠡᠬᠦ ᠠᠵᠢᠯ᠎ᠢ ᠵᠡᠷᠭᠡᠪᠡᠷ ᠶᠠᠪᠤᠭᠳᠠᠭᠤᠯᠬᠤ ᠬᠡᠷᠡᠭᠲᠡᠶ; ᠳᠥᠷᠪᠡ᠎ᠳᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠬᠢᠴᠠ ᠵᠢ ᠪᠠᠢ᠌ᠭᠤᠯᠤᠨ᠎ᠠ  ᠃ ᠲᠤᠰᠬᠠᠶ ᠠᠩᠭᠢ ᠪᠠᠢ᠌ᠭᠤᠯᠵᠤ᠂ ᠬᠠᠭ᠋ᠠᠰ ᠰᠠᠷ᠎ᠠ᠎ᠳᠤ ᠨᠢᠭᠡ ᠤᠳᠠᠭ᠎ᠠ ᠬᠣᠲᠠ ᠵᠢᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠳᠤ ᠮᠡᠳᠡᠭᠦᠯᠬᠦ ᠵᠢᠨ ᠬᠠᠮᠲᠤ ᠬᠣᠲᠠ ᠵᠢᠨ ᠵᠠᠰᠠᠭ᠎ᠤᠨ ᠣᠷᠳᠣᠨ ᠵᠢᠴᠢ ᠰᠣᠶᠣᠯ ᠵᠢᠭᠤᠯᠴᠢᠯᠠᠯ᠎ᠤᠨ ᠲᠢᠩᠬᠢᠮ᠎ᠳᠤ ᠮᠡᠳᠡᠭᠦᠯᠦᠨ᠎ᠡ; ᠲᠠᠪᠤ᠎ᠳᠤ᠂ ᠵᠠᠯᠭ᠋ᠠᠮᠵᠢ ᠪᠡᠯᠡ ᠮᠥᠩᠭᠥ ᠵᠢ ᠦᠷᠭᠦᠯᠵᠢᠯᠡᠨ ᠴᠢᠷᠮᠠᠢ᠌ᠨ ᠣᠯᠵᠤ᠂ ᠵᠠᠯᠭ᠋ᠠᠮᠵᠢ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠪᠡᠯᠡ ᠮᠥᠩᠭᠥ ᠵᠢᠨ ᠪᠠᠲᠤᠯᠠᠭ᠎ᠠ ᠬᠠᠩᠭ᠋ᠠᠬᠤ ᠬᠡᠷᠡᠭᠲᠡᠶ; ᠵᠢᠷᠭᠤᠭ᠎ᠠ᠎ᠳᠤ᠂ ᠭᠣᠣᠯᠳᠠᠯᠭ᠎ᠠ᠎ᠲᠠᠢ ᠲᠥᠷᠥᠯ ᠵᠦᠢ᠍ᠯ᠎ᠤᠨ ᠳᠠᠩᠰᠠ ᠡᠪᠬᠡᠮᠡᠯ᠎ᠤᠨ ᠪᠠᠢ᠌ᠭᠤᠯᠤᠯᠲᠠ ᠵᠢᠨ ᠠᠵᠢᠯ᠎ᠢ ᠴᠢᠬᠤᠯᠠᠴᠢᠯᠠᠬᠤ ᠬᠡᠷᠡᠭᠲᠡᠶ᠃ ᠳᠠᠩᠰᠠ ᠡᠪᠬᠡᠮᠡᠯ᠎ᠢ ᠲᠤᠰᠬᠠᠶ ᠬᠥᠮᠦᠨ ᠵᠶ᠋ᠡᠷ ᠬᠠᠳᠠᠭ᠋ᠠᠯᠠᠭᠤᠯᠬᠤ ᠵᠢ ᠪᠡᠶᠡᠯᠡᠭᠦᠯᠵᠦ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠎ᠠᠴᠠ ᠡᠬᠢᠯᠡᠨ᠂ ᠡᠯᠸᠺᠲᠷᠤᠨ ᠳᠠᠩᠰᠠ ᠡᠪᠬᠡᠮᠡᠯ ᠪᠣᠯᠤᠨ ᠴᠠᠭ᠋ᠠᠰᠤᠨ ᠨᠥᠭᠡᠴᠡ ᠳᠠᠩᠰᠠ ᠡᠪᠬᠡᠮᠡᠯ᠎ᠢ ᠰᠠᠢ᠌ᠲᠤᠷ ᠬᠢᠵᠦ᠂ ᠪᠦᠬᠦᠯᠢ ᠴᠣᠭᠴᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ᠎ᠳᠤ ᠰᠠᠢ᠌ᠲᠤᠷ ᠰᠠᠭᠤᠷᠢ ᠲᠠᠯᠪᠢᠵᠤ᠂ ᠳᠣᠲᠣᠷ᠎ᠠ᠎ᠪᠠᠨ ᠲᠣᠭ᠎ᠠ᠎ᠲᠠᠢ᠂ ᠪᠠᠢ᠌ᠴᠠᠭ᠋ᠠᠬᠤ ᠪᠠᠷᠢᠮᠲᠠ᠎ᠲᠠᠢ ᠪᠠᠢ᠌ᠯᠭ᠋ᠠᠬᠤ ᠬᠡᠷᠡᠭᠲᠡᠶ᠃
      ᠡᠯ᠎ᠡ ᠰᠠᠯᠠᠭ᠎ᠠ ᠮᠥᠴᠢᠷ᠎ᠤᠳ ᠤᠷᠲᠤ ᠴᠠᠭ᠋ᠠᠨ ᠬᠡᠷᠡᠮ᠎ᠤᠨ ᠤᠯᠤᠰ ᠎ᠤᠨ ᠴᠡᠴᠡᠷᠯᠢᠭ᠎ᠢ ᠪᠦᠲᠦᠭᠡᠨ ᠪᠠᠢ᠌ᠭᠤᠯᠵᠤ᠂ ᠴᠢᠯᠠᠭᠤᠨ ᠠᠭᠤᠶ ᠵᠢᠨ ᠰᠦᠮ᠎ᠡ ᠵᠢ ᠬᠠᠮᠠᠭ᠋ᠠᠯᠠᠨ ᠠᠰᠢᠭᠯᠠᠬᠤ ᠠᠵᠢᠯ᠎ᠢ ᠰᠠᠢ᠌ᠲᠤᠷ ᠬᠢᠬᠦ ᠵᠢᠨ ᠴᠢᠬᠤᠯᠠ ᠴᠢᠨᠠᠷ ᠪᠠ ᠲᠤᠯᠭ᠋ᠠᠮ᠎ᠠ ᠴᠢᠨᠠᠷ ᠎ᠢ ᠭᠦᠨᠵᠡᠭᠡᠶ ᠲᠠᠨᠢᠵᠤ᠂ ᠳᠡᠭᠡᠷ᠎ᠡ ᠳᠤᠷᠠᠳᠤᠭᠰᠠᠨ ᠡᠯ᠎ᠡ ᠵᠦᠢᠯ᠎ᠤᠨ ᠬᠠᠮᠢᠶ᠎ᠠ ᠪᠦᠬᠦᠢ ᠠᠵᠢᠯ᠎ᠢ ᠦᠨᠡᠨ ᠬᠦ᠌ ᠰᠠᠢ᠌ᠲᠤᠷ ᠬᠢᠬᠦ ᠬᠡᠷᠡᠭᠲᠡᠶ᠃
 

ᠢᠷᠡᠯᠲᠡ᠄ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠡᠷᠢᠶᠡᠨ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠢᠵᠢᠭ᠎ᠢ ᠰᠡᠷᠭᠡᠢ᠌ᠯᠡᠨ ᠡᠵᠡᠮᠳᠡᠬᠦ ᠰᠥᠨᠢ ᠵᠢᠨ ᠭᠡᠨᠡᠳᠡᠬᠦᠯᠦᠭᠰᠡᠨ ᠪᠠᠢ᠌ᠴᠠᠭ᠋ᠠᠯᠲᠠ ᠵᠢ ᠳᠠᠬᠢᠨᠲᠠ ᠥᠷᠨᠢᠭᠦᠯᠵᠦ ᠰᠣᠶᠣᠯ᠎ᠤᠨ ᠵᠠᠬ᠎ᠠ ᠳᠡᠯᠭᠡᠭᠦᠷ᠎ᠤᠨ ᠬᠢᠵᠢᠭ᠎ᠢ ᠰᠡᠷᠭᠡᠢ᠌ᠯᠡᠬᠦ ᠱᠤᠭᠤᠮ᠎ᠢ ᠪᠠᠲᠤ ᠪᠠᠬᠢ ᠪᠣᠶ ᠪᠣᠯᠭ᠋ᠠᠪᠠ
ᠦᠬᠠᠶ ᠬᠣᠲᠠ ᠵᠢᠨ ᠳᠡᠳ᠋ ᠳᠠᠷᠤᠭ᠎ᠠ ᠴᠢᠶᠣᠤ ᠢᠦᠢ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠠ
ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠬᠤᠷᠠᠯ ᠬᠤᠷᠠᠯᠳᠤᠭᠤᠯᠵᠤ ᠲᠡᠷᠢᠭᠦᠨ᠎ᠤ᠎ᠬᠢ᠎ᠲᠠᠢ ᠬᠠᠷᠢᠴᠠᠭᠤᠯᠤᠨ ᠬᠠᠮᠤᠭ᠎ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠦᠲᠦᠭᠡᠨ ᠪᠠᠢ᠌ᠭᠤᠯᠬᠤ ᠠᠵᠢᠯᠯᠠᠭ᠋ᠠᠨ᠎ᠤ ᠲᠥᠰᠦᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ
ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ 《ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ》 ᠫᠠᠢ᠌ᠰᠠ ᠵᠢ ᠣᠯᠭᠣᠬᠤ ᠶᠣᠰᠣᠯᠠᠯ ᠶᠠᠪᠤᠭᠳᠠᠭᠤᠯᠪᠠ
ᠳᠥᠷᠪᠡᠳ ᠬᠣᠰᠢᠭᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ《ᠬᠠᠩᠰᠢ ᠵᠢᠨ ᠡᠳᠦᠷ》᠎ᠤᠨ ᠬᠤᠭᠤᠴᠠᠭ᠋ᠠᠨ᠎ᠳᠤ᠎ᠬᠢ ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠰᠬᠠᠶ ᠪᠠᠢ᠌ᠴᠠᠭ᠋ᠠᠯᠲᠠ ᠥᠷᠨᠢᠭᠦᠯᠪᠡ
 
            