ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠡᠷᠢᠶᠡᠨ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠬᠢᠵᠢᠭ᠎ᠢ ᠰᠡᠷᠭᠡᠢ᠌ᠯᠡᠨ ᠡᠵᠡᠮᠳᠡᠬᠦ ᠰᠥᠨᠢ ᠵᠢᠨ ᠭᠡᠨᠡᠳᠡᠬᠦᠯᠦᠭᠰᠡᠨ ᠪᠠᠢ᠌ᠴᠠᠭ᠋ᠠᠯᠲᠠ ᠵᠢ ᠳᠠᠬᠢᠨᠲᠠ ᠥᠷᠨᠢᠭᠦᠯᠵᠦ ᠰᠣᠶᠣᠯ᠎ᠤᠨ ᠵᠠᠬ᠎ᠠ ᠳᠡᠯᠭᠡᠭᠦᠷ᠎ᠤᠨ ᠬᠢᠵᠢᠭ᠎ᠢ ᠰᠡᠷᠭᠡᠢ᠌ᠯᠡᠬᠦ ᠱᠤᠭᠤᠮ᠎ᠢ ᠪᠠᠲᠤ ᠪᠠᠬᠢ ᠪᠣᠶ ᠪᠣᠯᠭ᠋ᠠᠪᠠ
ᠨᠡᠶᠢᠲᠡᠯᠡᠭᠰᠡᠨ ᠴᠠᠭ᠄ 2022-04-02

     3 ᠳ᠋ᠤᠭ᠋ᠠᠷ ᠰᠠᠷ᠎ᠠ ᠵᠢᠨ 26᠎ᠤ ᠤᠷᠤᠢ᠂ ᠡᠷᠢᠶᠡᠨ ᠬᠤᠳᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠢ᠎ᠠ ᠬᠠᠷᠢᠶ᠎ᠠ ᠲᠤᠭᠤᠷᠢᠭ᠎ᠤᠨ ᠵᠶ᠋ᠠᠨ ᠰᠦᠯᠵᠢᠶᠡᠨ᠎ᠤ ᠪᠠᠭ᠋ᠠᠷ᠂ ᠵᠤᠭ᠎ᠠ ᠴᠡᠩᠭᠡᠯ᠎ᠤᠨ ᠭᠠᠵᠠᠷ᠎ᠲᠤ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠰᠥᠨᠢ   ᠵᠢᠨ ᠬᠡᠨᠡᠳᠡᠬᠦᠯᠦᠭᠰᠡᠨ ᠪᠠᠢ᠌ᠴᠠᠭ᠋ᠠᠯᠲᠠ ᠬᠢᠪᠡ᠃ ᠲᠣᠰ ᠤᠳᠠᠭ᠋ᠠᠨ᠎ᠤ ᠰᠥᠨᠢ᠎ᠪᠠᠷ ᠭᠡᠨᠡᠳᠡᠭᠦᠯᠦᠨ ᠪᠠᠢ᠌ᠴᠠᠭ᠋ᠠᠬᠤ ᠠᠵᠢᠯᠯᠠᠭ᠎ᠠ ᠵᠢ ᠨᠡᠢ᠌ᠲᠡ ᠬᠣᠶᠠᠷ ᠳᠤᠭᠤᠢ᠌ᠯᠠᠩ ᠬᠤᠪᠢᠶᠠᠵᠤ᠂ ᠢᠨᠲ᠋ᠧᠷ ᠰᠦᠯᠵᠢᠶᠡᠨ᠎ᠳᠤ ᠭᠠᠷᠬᠤ ᠦᠢᠯᠡᠴᠢᠯᠡᠭᠡᠨ᠎ᠤ ᠡᠵᠡᠩᠨᠡᠯᠲᠡ ᠵᠢᠨ ᠲᠠᠯᠠᠪᠤᠷ 4᠂ ᠵᠤᠭ᠎ᠠ ᠴᠡᠩᠭᠡᠯ᠎ᠤᠨ ᠲᠠᠯᠠᠪᠤᠷ 11 ᠵᠢ ᠪᠠᠢ᠌ᠴᠠᠭ᠋ᠠᠪᠠ᠃
      ᠪᠠᠢ᠌ᠴᠠᠭ᠋ᠠᠬᠤ ᠠᠵᠢᠯᠲᠠᠳ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠬᠠᠮᠤᠭ᠎ᠤᠨ ᠰᠢᠨ᠎ᠡ ᠵᠦᠭᠯᠡᠭᠦᠷ᠎ᠲᠠᠢ ᠬᠠᠷᠭᠤᠭᠤᠯᠤᠨ ᠨᠢᠭᠡᠳ ᠨᠢᠭᠡ᠎ᠪᠠᠷ ᠬᠠᠷᠭᠤᠭᠤᠯᠤᠨ ᠪᠠᠢ᠌ᠴᠠᠭ᠋ᠠᠵᠤ᠂ ᠡᠯ᠎ᠡ ᠲᠠᠯᠠᠪᠤᠷ ᠭᠠᠵᠠᠷ᠎ᠲᠤ ᠲᠠᠯᠠᠪᠤᠷ᠎ᠲᠤ ᠣᠷᠣᠬᠤ ᠬᠥᠮᠦᠰ ᠎ᠤᠨ ᠲᠠᠩᠰᠠᠯᠠᠯ ᠎ᠢ   ᠣᠷᠬᠢᠭᠳᠠᠭᠤᠯᠤᠭᠰᠠᠨ ᠪᠠᠢ᠌ᠳᠠᠯ ᠣᠷᠣᠰᠢᠵᠤ ᠪᠠᠢ᠌ᠬᠤ ᠡᠰᠡᠬᠦ᠂ ᠰᠠᠯᠬᠢ ᠨᠡᠪᠲᠡᠷᠡᠭᠦᠯᠦᠨ ᠠᠷᠢᠭᠤᠳᠬᠠᠵᠤ ᠪᠠᠢ᠌ᠬᠤ ᠡᠰᠡᠬᠦ᠂ ᠠᠵᠢᠯᠯᠠᠭᠰᠠᠳ ᠸᠠᠺᠼᠢᠨ ᠲᠠᠷᠢᠭᠰᠠᠨ ᠡᠰᠡᠬᠦ᠂ ᠬᠡᠷᠡᠭᠯᠡᠭᠴᠢᠳ ᠠᠮᠠᠪᠴᠢ ᠵᠡᠭᠦᠵᠦ ᠪᠠᠢ᠌ᠬᠤ ᠡᠰᠡᠬᠦ᠂ ᠲᠦᠷ ᠲᠤᠰᠠᠭ᠋ᠠᠷᠯᠠᠬᠤ ᠲᠠᠰᠤᠭ᠎ᠲᠤ ᠰᠡᠷᠭᠡᠢ᠌ᠯᠡᠨ ᠡᠵᠡᠮᠳᠡᠬᠦ ᠡᠳ᠋ ᠪᠣᠳᠠᠰ ᠲᠤᠬᠢᠷᠠᠭᠤᠯᠤᠭᠰᠠᠨ ᠡᠰᠡᠬᠦ᠂ ᠭᠣᠤᠯᠳᠠᠯᠭ᠎ᠠ᠎ᠲᠠᠢ ᠣᠷᠣᠨ ᠪᠦᠰᠡ᠎ᠳᠤ ᠨᠢᠭᠡ ᠮᠧᠲᠷ᠎ᠤᠨ ᠱᠤᠭᠤᠮ ᠲᠤᠬᠢᠷᠠᠭᠤᠯᠤᠭᠰᠠᠨ ᠡᠰᠡᠬᠦ ᠵᠡᠷᠭᠡ ᠤᠴᠢᠷ ᠶᠠᠪᠤᠳᠠᠯ᠎ᠤᠨ ᠲᠤᠬᠠᠶ ᠨᠠᠷᠢᠨ ᠪᠠᠢ᠌ᠴᠠᠭ᠋ᠠᠯᠲᠠ ᠬᠢᠪᠠ  ᠃
      ᠪᠠᠢ᠌ᠴᠠᠭ᠋ᠠᠯᠲᠠ᠎ᠳᠤ ᠣᠯᠠᠩᠬᠢ ᠲᠠᠯᠠᠪᠤᠷ ᠭᠠᠵᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠡᠯᠢᠶᠡᠳ ᠰᠠᠢ᠌ᠨ ᠨᠠᠢ᠌ᠳᠠᠪᠤᠷᠢᠵᠢᠭᠤᠯᠵᠤ ᠪᠠᠢ᠌ᠬᠤ ᠵᠢ ᠣᠯᠵᠤ ᠮᠡᠳᠡᠪᠡ᠃ ᠭᠡᠪᠡᠴᠦ ᠣᠨᠴᠠ ᠵᠠᠷᠢᠮ ᠲᠠᠯᠠᠪᠤᠷ᠎ᠲᠤ ᠬᠡᠷᠡᠭᠯᠡᠭᠴᠢᠳ᠎ᠤᠨ ᠠᠮᠠᠪᠴᠢ ᠵᠡᠭᠦᠬᠦ᠎ᠨᠢ ᠵᠢᠷᠤᠮᠵᠢᠯ ᠥᠬᠡᠶ᠂ ᠲᠠᠯᠠᠪᠤᠷ᠎ᠲᠤ ᠣᠷᠣᠬᠤ ᠬᠥᠮᠦᠰ᠎ᠤᠨ ᠳᠠᠩᠰᠠᠯᠠᠯ ᠪᠦᠷᠢᠨ ᠪᠤᠰᠤ᠂ ᠰᠦᠯᠵᠢᠶᠡᠨ᠎ᠳᠤ ᠭᠠᠷᠬᠤ ᠬᠡᠷᠡᠭᠯᠡᠭᠴᠢᠳ ᠲᠠᠮᠠᠬᠢ ᠲᠠᠳᠠᠵᠤ ᠪᠠᠢ᠌ᠬᠤ ᠵᠡᠷᠭᠡ ᠠᠰᠠᠭᠤᠳᠠᠯ ᠣᠷᠣᠰᠢᠵᠤ ᠪᠠᠢ᠌ᠨ᠎ᠠ᠃ ᠪᠠᠢ᠌ᠴᠠᠭ᠋ᠠᠬᠤ ᠠᠵᠢᠯᠲᠠᠨ ᠡᠵᠡᠩᠨᠡᠯᠲᠡ ᠵᠢᠨ ᠨᠢᠭᠡᠴᠢ ᠵᠢᠨ ᠥᠮᠴᠢᠲᠡᠨ ᠪᠠ ᠠᠵᠢᠯᠲᠠᠨ᠎ᠢ ᠲᠠᠯᠠᠪᠤᠷ ᠳᠣᠲᠣᠷᠠᠬᠢ ᠲᠣᠭᠣᠷᠢᠨ ᠪᠠᠢ᠌ᠴᠠᠭ᠋ᠠᠯᠲᠠ ᠪᠠ ᠰᠠᠨᠠᠭᠤᠯᠤᠮᠵᠢ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ ᠬᠡᠷᠡᠭᠲᠡᠢ᠂ ᠠᠰᠠᠭᠤᠳᠠᠯ ᠨᠡᠯᠢᠶᠡᠳ ᠣᠯᠠᠨ ᠣᠷᠣᠰᠢᠵᠤ ᠪᠠᠢ᠌ᠭ᠎ᠠ ᠯᠢᠶᠠᠨ ᠢᠤᠢ ᠰᠦᠯᠵᠢᠶᠡᠨ᠎ᠤ ᠪᠠᠭ᠋ᠠᠷ᠎ᠢ ᠠᠵᠢᠯ ᠵᠶ᠋ᠠᠨ ᠵᠣᠭᠰᠣᠭ᠋ᠠᠵᠤ ᠴᠡᠭᠴᠡᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ ᠭᠡᠵᠦ ᠱᠠᠭ᠋ᠠᠷᠳᠠᠪᠠ  ᠃ 3   ᠳ᠋ᠤᠭ᠋ᠠᠷ ᠰᠠᠷ᠎ᠠ ᠵᠢᠨ 28᠎ᠤ ᠡᠳᠦᠷ᠂ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ ᠯᠢᠶᠠᠨ ᠢᠤᠢ ᠰᠦᠯᠵᠢᠶᠡᠨ᠎ᠤ ᠪᠠᠭ᠋ᠠᠷ᠎ᠤᠨ ᠥᠮᠴᠢᠲᠡᠨ᠎ᠲᠠᠢ ᠪᠣᠯᠵᠣᠨ ᠶᠠᠷᠢᠯᠴᠠᠵᠤ᠂   ᠲᠠᠯᠠᠪᠤᠷ ᠭᠠᠵᠠᠷ᠎ᠤᠨ ᠣᠷᠴᠢᠨ ᠠᠬᠤᠶ ᠵᠢᠨ ᠴᠡᠭᠴᠡᠯᠡᠨ ᠵᠠᠰᠠᠯᠲᠠ ᠪᠠ ᠠᠵᠢᠯᠲᠠᠨ᠎ᠤ ᠬᠥᠮᠦᠵᠢᠯ ᠪᠣᠯᠪᠠᠰᠤᠷᠠᠭᠤᠯᠤᠯ ᠵᠶ᠋ᠠᠨ ᠪᠥᠬᠥ ᠲᠠᠯ᠎ᠠ᠎ᠪᠠᠷ ᠴᠢᠩᠭ᠋ᠠᠳᠬᠠᠵᠤ᠂ ᠴᠡᠭᠴᠡᠯᠡᠨ   ᠵᠠᠰᠠᠭᠰᠠᠨ᠎ᠤ ᠬᠤᠢ᠌ᠨ᠎ᠠ ᠬᠠᠤᠯᠢ ᠬᠡᠷᠡᠭᠵᠢᠭᠦᠯᠬᠦ ᠠᠵᠢᠯᠲᠠᠨ ᠰᠢᠯᠭ᠋ᠠᠨ ᠠᠪᠤᠭᠰᠠᠨ᠎ᠤ ᠳᠠᠷᠠᠭ᠎ᠠ ᠰᠠᠶᠢ ᠳᠠᠭᠢᠵᠤ ᠡᠵᠡᠩᠨᠡᠵᠦ ᠪᠣᠯᠤᠨ᠎ᠠ ᠭᠡᠵᠦ ᠱᠠᠭ᠋ᠠᠷᠳᠠᠪᠠ  ᠃
      ᠲᠠᠷᠠᠭ᠋ᠠᠴᠢ ᠵᠢᠨ ᠠᠯᠬᠤᠮ᠎ᠳᠤ᠂ ᠡᠷᠢᠶᠡᠨ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ  ᠎ᠨᠢ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠠᠵᠢᠯ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠴᠢᠩᠭ᠎ᠠ ᠨᠠᠢ᠌ᠳᠠᠪᠤᠷᠢᠵᠢᠭᠤᠯᠵᠤ᠂ ᠪᠥᠬᠥ ᠬᠣᠲᠠ ᠵᠢᠨ ᠰᠣᠶᠣᠯ᠎ᠤᠨ ᠵᠠᠬ᠎ᠠ ᠳᠡᠯᠭᠡᠭᠦᠷ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠪᠠᠢ᠌ᠴᠠᠭ᠋ᠠᠯᠲᠠ ᠲᠣᠭᠣᠷᠢᠨ ᠪᠠᠢ᠌ᠴᠠᠭ᠋ᠠᠯᠲᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠡᠯ᠎ᠡ ᠵᠦᠢᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠪᠣᠳᠠᠲᠠᠶ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ  ᠃

ᠢᠷᠡᠯᠲᠡ᠄ ᠡᠷᠢᠶᠡᠨ ᠬᠣᠲᠠ ᠵᠢᠨ ᠰᠣᠶᠣᠯ ᠵᠢᠭᠤᠯᠴᠢᠯᠠᠯ
          
ᠬᠠᠮᠢᠶ᠎ᠡ ᠪᠦᠬᠦᠢ ᠰᠣᠨᠢᠨ
ᠦᠬᠠᠶ ᠬᠣᠲᠠ ᠵᠢᠨ ᠳᠡᠳ᠋ ᠳᠠᠷᠤᠭ᠎ᠠ ᠴᠢᠶᠣᠤ ᠢᠦᠢ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠠ
ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠬᠤᠷᠠᠯ ᠬᠤᠷᠠᠯᠳᠤᠭᠤᠯᠵᠤ ᠲᠡᠷᠢᠭᠦᠨ᠎ᠤ᠎ᠬᠢ᠎ᠲᠠᠢ ᠬᠠᠷᠢᠴᠠᠭᠤᠯᠤᠨ ᠬᠠᠮᠤᠭ᠎ᠤᠨ ᠰᠢᠯᠢᠳᠡᠭ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠦᠲᠦᠭᠡᠨ ᠪᠠᠢ᠌ᠭᠤᠯᠬᠤ ᠠᠵᠢᠯᠯᠠᠭ᠋ᠠᠨ᠎ᠤ ᠲᠥᠰᠦᠯ᠎ᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ
ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ 《ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠰᠣᠶᠣᠯ᠎ᠤᠨ ᠵᠢᠱ᠌ᠢᠶ᠎ᠡ ᠦᠵᠡᠭᠦᠯᠬᠦ ᠡᠷᠦᠬᠡ》 ᠫᠠᠢ᠌ᠰᠠ ᠵᠢ ᠣᠯᠭᠣᠬᠤ ᠶᠣᠰᠣᠯᠠᠯ ᠶᠠᠪᠤᠭᠳᠠᠭᠤᠯᠪᠠ
ᠳᠥᠷᠪᠡᠳ ᠬᠣᠰᠢᠭᠤᠨ᠎ᠤ ᠰᠣᠶᠣᠯ᠎ᠤᠨ ᠵᠠᠬ᠎ᠠ ᠳᠡᠯᠭᠡᠭᠦᠷ᠎ᠤᠨ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ《ᠬᠠᠩᠰᠢ ᠵᠢᠨ ᠡᠳᠦᠷ》᠎ᠤᠨ ᠬᠤᠭᠤᠴᠠᠭ᠋ᠠᠨ᠎ᠳᠤ᠎ᠬᠢ ᠰᠣᠶᠣᠯ᠎ᠤᠨ ᠵᠠᠬ᠎ᠠ ᠳᠡᠯᠭᠡᠭᠦᠷ᠎ᠤᠨ ᠠᠶᠤᠯ ᠦᠭᠡᠢ ᠦᠢᠯᠡᠳᠪᠦᠷᠢᠯᠡᠯ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠲᠤᠰᠬᠠᠶ ᠪᠠᠢ᠌ᠴᠠᠭ᠋ᠠᠯᠲᠠ ᠥᠷᠨᠢᠭᠦᠯᠪᠡ
ᠬᠥᠬᠡᠬᠣᠲᠠ ᠵᠢᠨ ᠨᠣᠮ᠎ᠤᠨ ᠰᠠᠩ ᠲᠠᠮᠢᠷ᠎ᠤᠨ ᠲᠠᠯᠠᠪᠠᠢ ᠵᠢᠨ ᠬᠤᠨ ᠭᠠᠯᠠᠭᠤ ᠨᠣᠮ᠎ᠤᠨ ᠦᠷᠦᠭᠡ ᠵᠢᠨ ᠲᠠᠯᠪᠢᠭᠤᠷ᠎ᠲᠤ ᠰᠢᠨ᠎ᠡ ᠨᠣᠮ ᠭᠠᠷᠭ᠋ᠠᠵᠤ ᠥᠭᠪᠡ
 
            