ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ᠎ᠤᠨ ᠲᠣᠪᠴᠢᠶ᠎ᠠ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠰᠠᠭᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄ 2022-04-15

     4 ᠳ᠋ᠦ᠍ᠭᠡᠷ ᠰᠠᠷ᠎ᠠ ᠵᠢᠨ 11᠎ᠤ ᠡᠳᠦᠷ᠂ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠤᠨ᠂ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠰᠠᠭᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠪᠠ᠃ ᠬᠣᠲᠠ ᠵᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ᠂ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠭᠤᠤ ᠶᠦᠩ ᠬᠤᠷᠠᠯ ᠡᠷᠬᠢᠯᠡᠵᠦ ᠦᠭᠡ ᠶᠠᠷᠢᠪᠠ᠃ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠲᠣᠪᠴᠢᠶᠠᠨ᠎ᠤ ᠬᠠᠷᠢᠶ᠎ᠠ ᠨᠢᠭᠡᠴᠢ ᠪᠣᠯᠤᠨ ᠪᠠᠢ᠌ᠭᠤᠯᠭ᠎ᠠ ᠵᠢᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃
      ᠬᠤᠷᠠᠯ᠎ᠠᠴᠠ ᠲᠢᠩᠬᠢᠮ᠎ᠤᠨ ᠳᠠᠷᠤᠭ᠎ᠠ ᠬᠤ᠌ ᠹᠧᠩ᠎ᠤᠨ ᠴᠢᠬᠤᠯᠠ ᠶᠠᠷᠢᠶ᠎ᠠ ᠵᠢᠴᠢ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠬᠦᠨ᠎ᠤ 2022 ᠣᠨ᠎ᠤ ᠭᠣᠤᠯᠳᠠᠯᠭ᠎ᠠ᠎ᠲᠠᠢ ᠠᠵᠢᠯ᠂ ᠴᠢᠬᠤᠯᠠ ᠶᠡᠬᠡ ᠲᠥᠷᠥᠯ ᠵᠦᠢᠯ ᠵᠡᠷᠭᠡ ᠠᠵᠢᠯ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠤᠯᠠᠮᠵᠢᠯᠠᠨ ᠰᠤᠷᠤᠯᠴᠠᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠭᠤᠤ ᠶᠦᠩ ᠨᠥᠬᠥᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠡᠯ᠎ᠡ ᠵᠦᠢᠯ᠎ᠤᠨ ᠭᠣᠤᠯᠳᠠᠯᠭ᠎ᠠ᠎ᠲᠠᠢ ᠠᠵᠢᠯ᠎ᠳᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠬᠢᠪᠡ᠃
      ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠥᠬᠥ ᠰᠢᠰᠲ᠋ᠧᠮ᠎ᠤᠨ ᠺᠠᠳ᠋ᠷ ᠠᠵᠢᠯᠲᠠᠨ ᠲᠢᠩᠬᠢᠮ᠎ᠤᠨ ᠳᠠᠷᠤᠭ᠎ᠠ ᠬᠤ᠌ ᠹᠸᠩ᠎ᠤᠨ ᠴᠢᠬᠤᠯᠠ ᠶᠠᠷᠢᠶ᠎ᠠ ᠪᠣᠯᠤᠨ ᠪᠥᠬᠥ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠰᠠᠢ᠌ᠲᠤᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠤᠯ ᠰᠢᠵᠢᠮ ᠵᠶ᠋ᠡᠨ ᠪᠣᠯᠭ᠋ᠠᠨ᠂ 《ᠬᠣᠶᠠᠷ᠎ᠢ ᠴᠣᠭᠴᠠᠯᠠᠬᠤ》᠎ᠪᠠᠷ ᠬᠦᠴᠦᠲᠡᠶ ᠭᠠᠷᠳᠠᠴᠠ ᠪᠠ ᠪᠦᠲᠦᠮᠵᠢᠲᠡᠶ ᠠᠴᠢᠶᠠᠯᠠᠪᠤᠷᠢ᠎ᠪᠠᠨ ᠪᠣᠯᠭ᠋ᠠᠬᠤ ᠵᠢ ᠪᠠᠷᠢᠮᠲᠠᠯᠠᠵᠤ᠂ ᠠᠵᠢᠯ᠎ᠤᠨ ᠰᠡᠳᠬᠢᠴᠡ᠎ᠪᠠᠨ ᠤᠯᠠᠮ ᠴᠢᠨᠠᠭᠰᠢᠳᠠ ᠲᠣᠳᠣᠷᠬᠠᠶ ᠪᠣᠯᠭ᠋ᠠᠨ᠂ ᠠᠵᠢᠯ᠎ᠤᠨ ᠭᠣᠤᠯᠳᠠᠯᠭ᠎ᠠ᠎ᠪᠠᠨ ᠲᠣᠳᠣᠷᠬᠠᠢ᠌ᠯᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠰᠢᠨᠡᠴᠢᠯᠡᠨ᠂ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠰᠢᠰᠲ᠋ᠧᠮ᠎ᠤᠨ ᠠᠵᠢᠯ᠎ᠤᠨ ᠲᠠᠰᠤᠷᠠᠯᠲᠠ ᠥᠬᠡᠶ ᠰᠢᠨ᠎ᠡ ᠳᠡᠭᠲᠡᠷ᠎ᠲᠤ ᠭᠠᠷᠴᠤ᠂ ᠰᠢᠨ᠎ᠡ ᠪᠠᠢ᠌ᠳᠠᠯ᠎ᠢ ᠡᠭᠦᠳᠬᠦ ᠵᠢ ᠠᠬᠢᠭᠤᠯᠬᠤ ᠬᠡᠷᠡᠭᠲᠡᠶ ᠭᠡᠪᠡ᠃

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠣᠲᠣᠭ᠎ᠤᠨ ᠡᠮᠦᠨᠡᠲᠦ ᠬᠣᠰᠢᠭᠤ ᠣᠷᠳᠣ ᠴᠠᠭ᠋ᠠᠨ ᠬᠡᠷᠡᠮ᠎ᠤᠨ ᠬᠡᠰᠡᠭ᠎ᠤᠨ ᠪᠠᠢ᠌ᠩᠭᠤ ᠵᠢᠨ ᠬᠠᠮᠠᠭ᠋ᠠᠯᠠᠯᠲᠠ ᠵᠢᠨ ᠠᠵᠢᠯ᠎ᠢ ᠬᠡᠪᠰᠢᠭᠦᠯᠦᠨ ᠥᠷᠨᠢᠭᠦᠯᠵᠦ ᠪᠣᠶ
ᠵᠡᠭᠦᠨᠭ᠋ᠠᠷ ᠬᠣᠰᠢᠭᠤ 《ᠮᠠᠩᠬᠠᠨ ᠠᠶᠠᠯᠭᠤ ᠵᠢ ᠬᠠᠮᠠᠭ᠋ᠠᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠬᠤ ᠠᠵᠢᠯ᠎ᠤᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠰᠠᠭᠤᠳᠠᠯ ᠎ᠤᠨ ᠬᠤᠷᠠᠯ ᠬᠤᠷᠠᠯᠳᠤᠭᠤᠯᠪᠠ
ᠪᠤᠭᠤᠲᠤ ᠬᠣᠲᠠ ᠵᠢᠨ ᠨᠣᠮ᠎ᠤᠨ ᠰᠠᠩ᠎ᠠᠴᠠ ᠪᠤᠭᠤᠲᠤ ᠬᠣᠲᠠ ᠵᠢᠨ ᠬᠣᠩ ᠴᠠᠩ ᠰᠤᠷᠭ᠋ᠠᠭᠤᠯᠢ᠎ᠳᠤ 2300 ᠳᠡᠪᠲᠡᠷ ᠨᠣᠮ ᠰᠡᠳᠬᠦᠯ ᠬᠠᠨᠳᠢᠪᠯᠠᠪᠠ
ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠮᠸᠩ ᠰᠢᠶᠤᠤ ᠪᠢᠩ ᠬᠠᠷᠠᠴᠢᠨ ᠬᠣᠰᠢᠭᠤᠨ᠎ᠳᠤ ᠬᠦᠷᠴᠦ ᠪᠥᠬᠥ ᠤᠷᠤᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠬᠥᠯᠥᠨ ᠪᠣᠢ᠌ᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ ᠵᠢᠴᠢ《ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠵᠤ ᠰᠤᠷᠲᠠᠯ ᠵᠶ᠋ᠠᠨ ᠴᠢᠩᠭ᠋ᠠᠳᠬᠠᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠪᠤᠲᠠᠲᠠᠢ᠌ᠵᠢᠭᠤᠯᠬᠤ ᠵᠢ ᠴᠢᠬᠤᠯᠠᠴᠢᠯᠠᠨ ᠳᠦᠷᠢ ᠲᠥᠷᠬᠦ ᠵᠢ ᠪᠣᠶ ᠪᠣᠯᠭ᠋ᠠᠬᠤ》 ᠰᠤᠷᠤᠯᠴᠠᠯᠭ᠎ᠠ ᠦᠢᠯᠡᠳᠦᠯᠭᠡ ᠵᠢᠨ ᠠᠵᠢᠯᠯᠠᠭ᠎ᠠ ᠵᠢᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ
 
            