ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠰᠣᠶᠣᠯ ᠵᠢᠭᠤᠯᠴᠢᠯᠠᠯ᠎ᠤᠨ ᠦᠢᠯᠡᠰ᠎ᠤᠨ ᠬᠢᠵᠢᠭ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠵᠢᠷᠤᠮᠵᠢᠭᠤᠯᠵᠤ ᠠᠷᠠᠳ ᠣᠯᠠᠨ᠎ᠤ ᠡᠷᠡᠭᠦᠯ ᠮᠡᠨᠳᠦ ᠠᠮᠤᠷ ᠲᠦᠪᠰᠢᠨ᠎ᠢ ᠰᠠᠬᠢᠨ ᠬᠠᠮᠠᠭ᠋ᠠᠯᠠᠪᠠ
ᠨᠡᠶᠢᠲᠡᠯᠡᠭᠰᠡᠨ ᠴᠠᠭ᠄ 2022-04-13

      ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠠᠵᠢᠯ ᠲᠥᠷᠥᠯ᠎ᠤᠨ ᠬᠢᠵᠢᠭ᠎ᠤᠨ ᠪᠠᠢ᠌ᠳᠠᠯ᠎ᠢ ᠪᠠᠢ᠌ᠩᠭᠤᠵᠢᠭᠤᠯᠤᠨ ᠰᠡᠷᠭᠡᠢ᠌ᠯᠡᠨ ᠡᠵᠡᠮᠳᠡᠬᠦ ᠠᠵᠢᠯ᠎ᠤᠨ ᠴᠢᠳᠠᠪᠤᠷᠢ ᠪᠠ ᠲᠦᠪᠰᠢᠨ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠠᠯᠠᠪᠤᠷ ᠭᠠᠵᠠᠷ᠎ᠤᠨ ᠡᠯ᠎ᠡ ᠵᠦᠢᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠶ᠎ᠡ ᠵᠢ ᠪᠣᠳᠠᠲᠠᠶ ᠨᠠᠷᠢᠯᠢᠭ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠬᠤ ᠵᠢᠨ ᠲᠥᠯᠥᠭᠡ᠂ ᠣᠢ᠌ᠷ᠎ᠠ᠎ᠳᠤ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠠᠵᠢᠯ ᠲᠥᠷᠥᠯ᠎ᠤᠨ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠬᠡᠷᠡᠭᠵᠢᠭᠦᠯᠵᠦ᠂ ᠭᠤᠷᠪᠠᠨ ᠣᠷᠣᠨ᠎ᠤ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢ ᠵᠣᠬᠢᠶᠠᠨ ᠪᠠᠢ᠌ᠭᠤᠯᠵᠤ᠂ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠦᠢᠯᠡᠰ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠢᠭᠤᠳᠬᠠᠬᠤ ᠮᠡᠷᠭᠡᠵᠢᠯ᠎ᠤᠨ ᠪᠣᠯᠪᠠᠰᠤᠷᠠᠯ᠎ᠢ ᠥᠷᠨᠢᠭᠦᠯᠪᠡ᠃
      ᠲᠤᠰ ᠤᠳᠠᠭ᠋ᠠᠨ᠎ᠤ ᠪᠣᠯᠪᠠᠰᠤᠷᠠᠯ᠎ᠢ ᠭᠤᠷᠪᠠᠨ ᠣᠷᠣᠨ᠎ᠤ ᠡᠪᠡᠳᠴᠢᠨ ᠡᠮᠭᠡᠭ᠎ᠢ ᠰᠡᠷᠭᠡᠢ᠌ᠯᠡᠨ ᠡᠵᠡᠮᠳᠡᠬᠦ ᠲᠥᠪ᠎ᠲᠠᠢ ᠬᠠᠮᠲᠤᠷᠠᠨ᠂ ᠲᠤᠰᠬᠠᠢ ᠮᠡᠷᠭᠡᠵᠢᠯᠲᠡᠨ᠎ᠢ ᠤᠷᠢᠵᠤ ᠲᠤᠬᠠᠢ ᠵᠢᠨ ᠲᠠᠯᠠᠪᠠᠢ᠎ᠳᠤ ᠬᠢᠴᠢᠶᠡᠯ ᠣᠷᠣᠭᠤᠯᠬᠤ ᠬᠡᠯᠪᠡᠷᠢ᠎ᠪᠠᠷ ᠡᠷᠬᠢᠯᠡᠪᠡ᠃ ᠨᠡᠢ᠌ᠲᠡ 95 ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠂ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠪᠥᠬᠥ ᠠᠵᠢᠯ ᠲᠥᠷᠥᠯ᠎ᠤᠨ ᠬᠦᠷᠢᠶᠡᠨ᠎ᠳᠤ ᠬᠠᠮᠤᠷᠤᠭᠳᠠᠬᠤ ᠰᠦᠯᠵᠢᠶᠡᠨ ᠪᠠᠭ᠋ᠠᠷ᠂ ᠵᠤᠭ᠎ᠠ ᠴᠡᠩᠭᠡᠯ᠎ᠤᠨ ᠲᠢᠩᠬᠢᠮ᠂ ᠦᠵᠡᠮᠵᠢ ᠵᠢᠨ ᠣᠷᠣᠨ᠂ ᠪᠡᠶ᠎ᠡ ᠴᠢᠭᠢᠷᠠᠭᠵᠢᠭᠤᠯᠬᠤ ᠬᠡᠷ᠎ᠤᠨ 100 ᠬᠥᠮᠦᠨ ᠪᠣᠯᠪᠠᠰᠤᠷᠠᠯ᠎ᠳᠤ ᠣᠷᠣᠯᠴᠠᠪᠠ᠃
      ᠪᠣᠯᠪᠠᠰᠤᠷᠠᠭᠤᠯᠬᠤ᠎ᠳᠤ᠎ᠪᠠᠨ ᠠᠷᠢᠭᠤᠳᠬᠠᠬᠤ ᠪᠡᠯᠡᠳᠬᠡᠯ ᠠᠵᠢᠯ᠂ ᠠᠷᠢᠭᠤᠳᠬᠠᠬᠤ ᠪᠠᠭ᠋ᠠᠵᠢ ᠵᠢ ᠬᠡᠷᠡᠭᠯᠡᠬᠦ ᠠᠷᠭ᠎ᠠ᠂ ᠠᠷᠢᠭᠤᠳᠬᠠᠬᠤ ᠡᠳ᠋᠎ᠢ ᠨᠠᠢ᠌ᠷᠠᠭᠤᠯᠤᠨ ᠲᠣᠬᠢᠷᠠᠭᠤᠯᠬᠤ ᠬᠠᠷᠢᠴᠠᠯ᠂ ᠰᠡᠷᠭᠡᠢ᠌ᠯᠡᠨ ᠬᠠᠮᠠᠭ᠋ᠠᠯᠠᠬᠤ ᠬᠡᠷᠡᠭᠰᠡᠯ᠎ᠢ ᠬᠡᠷᠡᠭᠯᠡᠬᠦ᠂ ᠠᠷᠢᠭᠤᠳᠬᠠᠭᠰᠠᠨ ᠲᠡᠮᠳᠡᠭᠯᠡᠯ᠎ᠢ ᠬᠡᠷᠬᠢᠨ ᠵᠥᠪ   ᠲᠡᠮᠳᠡᠭᠯᠡᠬᠦ᠂ ᠲᠠᠯᠠᠪᠤᠷ ᠭᠠᠵᠠᠷ᠎ᠢ ᠠᠷᠢᠭᠤᠳᠬᠠᠵᠤ ᠳᠠᠭᠤᠰᠤᠭᠰᠠᠨ᠎ᠤ ᠳᠠᠷᠠᠭ᠋ᠠᠬᠢ ᠠᠵᠢᠯ ᠵᠡᠷᠭᠡ ᠲᠠᠯ᠎ᠠ᠎ᠳᠤ ᠪᠦᠬᠦ ᠲᠠᠯ᠎ᠠ ᠵᠢᠨ ᠨᠠᠷᠢᠨ ᠨᠢᠮᠪᠠᠶ ᠲᠠᠢ᠌ᠯᠪᠤᠷᠢᠯᠠᠯᠲᠠ ᠬᠢᠵᠡᠶ᠃ ᠰᠤᠷᠤᠯᠭ᠋ᠠᠲᠠᠳ᠎ᠤᠨ ᠢᠯᠡᠷᠬᠡᠢ᠌ᠯᠡᠭᠰᠡᠨ᠎ᠨᠢ᠂ ᠪᠣᠯᠪᠠᠰᠤᠷᠠᠯ ᠵᠶ᠋ᠠᠷ ᠳᠠᠮᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠢᠭᠤᠳᠬᠠᠬᠤ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠡᠢ ᠭᠡᠪᠡ᠃ ᠪᠣᠯᠪᠠᠰᠤᠷᠠᠯ ᠱᠠᠭ᠋ᠠᠷᠳᠠᠭᠰᠠᠨ᠎ᠨᠢ᠂ ᠡᠯ᠎ᠡ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ ᠭᠣᠷᠢᠳᠠᠬᠤ ᠪᠣᠳᠣᠯ᠂ ᠰᠤᠯᠠᠷᠠᠬᠤ ᠰᠡᠳᠬᠢᠯᠭᠡ ᠵᠢ ᠡᠷᠡᠰ ᠲᠡᠪᠴᠢᠵᠦ᠂ ᠰᠢᠨᠵᠢᠯᠡᠬᠦ ᠤᠬᠠᠭ᠋ᠠᠨᠴᠢ ᠨᠠᠷᠢᠯᠢᠭ ᠣᠨᠣᠴᠠᠲᠠᠶ᠎ᠪᠠᠷ ᠬᠢᠵᠢᠭ᠎ᠢ   ᠰᠡᠷᠭᠡᠢ᠌ᠯᠡᠨ᠂ ᠰᠣᠶᠣᠯ ᠵᠢᠭᠤᠯᠴᠢᠯᠠᠯ᠎ᠤᠨ ᠲᠠᠯᠠᠪᠤᠷ ᠭᠠᠵᠠᠷ᠎ᠤᠨ ᠠᠷᠠᠳ ᠣᠯᠠᠨ᠎ᠤ ᠡᠷᠡᠭᠦᠯ ᠮᠡᠨᠳᠦ ᠠᠮᠤᠷ ᠲᠦᠪᠰᠢᠨ᠎ᠢ ᠪᠠᠲᠤᠯᠠᠬᠤ ᠬᠡᠷᠡᠭᠲᠡᠶ ᠭᠡᠵᠡᠢ᠃
      ᠲᠠᠷᠠᠭ᠋ᠠᠴᠢ ᠵᠢᠨ ᠠᠯᠬᠤᠮ᠎ᠳᠤ᠂ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠦᠷᠭᠦᠯᠵᠢᠯᠡᠨ ᠣᠯᠠᠨ ᠵᠦᠢᠯ᠎ᠤᠨ ᠬᠡᠯᠪᠡᠷᠢ᠎ᠪᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠮᠡᠳᠡᠯᠭᠡ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠵᠢ ᠦᠷᠨᠢᠭᠦᠯᠦᠨ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠦᠢᠯᠡᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠤᠨ ᠲᠣᠭᠲᠠᠭᠤᠨ ᠪᠠᠢ᠌ᠳᠠᠯ᠎ᠢ ᠰᠠᠢ᠌ᠲᠤᠷ ᠬᠠᠮᠠᠭ᠋ᠠᠯᠠᠨ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ ᠡᠮᠬᠢ ᠵᠢᠷᠤᠮ᠎ᠢ ᠦᠨᠡᠨ ᠬᠦ᠌ ᠪᠠᠲᠤᠯᠠᠨ᠎ᠠ᠃

ᠢᠷᠡᠯᠲᠡ᠄ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠤ᠋ ᠲᠧᠯᠸᠢᠰ᠎ᠤᠨ ᠲᠣᠪᠴᠢᠶ᠎ᠠ ᠪᠦᠬᠦ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠳᠠᠷᠤᠭ᠎ᠠ ᠨᠠᠷ᠎ᠤᠨ ᠰᠠᠭᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠪᠠ
ᠣᠲᠣᠭ᠎ᠤᠨ ᠡᠮᠦᠨᠡᠲᠦ ᠬᠣᠰᠢᠭᠤ ᠣᠷᠳᠣ ᠴᠠᠭ᠋ᠠᠨ ᠬᠡᠷᠡᠮ᠎ᠤᠨ ᠬᠡᠰᠡᠭ᠎ᠤᠨ ᠪᠠᠢ᠌ᠩᠭᠤ ᠵᠢᠨ ᠬᠠᠮᠠᠭ᠋ᠠᠯᠠᠯᠲᠠ ᠵᠢᠨ ᠠᠵᠢᠯ᠎ᠢ ᠬᠡᠪᠰᠢᠭᠦᠯᠦᠨ ᠥᠷᠨᠢᠭᠦᠯᠵᠦ ᠪᠣᠶ
ᠵᠡᠭᠦᠨᠭ᠋ᠠᠷ ᠬᠣᠰᠢᠭᠤ 《ᠮᠠᠩᠬᠠᠨ ᠠᠶᠠᠯᠭᠤ ᠵᠢ ᠬᠠᠮᠠᠭ᠋ᠠᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠬᠤ ᠠᠵᠢᠯ᠎ᠤᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠰᠠᠭᠤᠳᠠᠯ ᠎ᠤᠨ ᠬᠤᠷᠠᠯ ᠬᠤᠷᠠᠯᠳᠤᠭᠤᠯᠪᠠ
ᠪᠤᠭᠤᠲᠤ ᠬᠣᠲᠠ ᠵᠢᠨ ᠨᠣᠮ᠎ᠤᠨ ᠰᠠᠩ᠎ᠠᠴᠠ ᠪᠤᠭᠤᠲᠤ ᠬᠣᠲᠠ ᠵᠢᠨ ᠬᠣᠩ ᠴᠠᠩ ᠰᠤᠷᠭ᠋ᠠᠭᠤᠯᠢ᠎ᠳᠤ 2300 ᠳᠡᠪᠲᠡᠷ ᠨᠣᠮ ᠰᠡᠳᠬᠦᠯ ᠬᠠᠨᠳᠢᠪᠯᠠᠪᠠ
ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠮᠸᠩ ᠰᠢᠶᠤᠤ ᠪᠢᠩ ᠬᠠᠷᠠᠴᠢᠨ ᠬᠣᠰᠢᠭᠤᠨ᠎ᠳᠤ ᠬᠦᠷᠴᠦ ᠪᠥᠬᠥ ᠤᠷᠤᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
 
            