ᠣᠢ᠌ᠷ᠎ᠠ᠎ᠳᠤ᠂ 《2022 ᠣᠨ᠎ᠤ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠤᠰᠬᠠᠶ ᠪᠠᠯᠠ ᠮᠥᠩᠭᠥ ᠵᠢ ᠤᠷᠢᠳᠴᠢᠯᠠᠨ ᠪᠠᠭᠤᠯᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠮᠡᠳᠡᠭᠳᠡᠯ》 ᠶᠣᠰᠣᠭ᠋ᠠᠷ᠂ ᠦᠬᠠᠶ ᠬᠣᠲᠠ ᠵᠢᠨ ᠮᠦᠽᠧᠶ ᠵᠢᠨ ᠬᠠᠳᠠᠭ᠋ᠠᠯᠠᠵᠤ ᠪᠠᠢ᠌ᠭ᠎ᠠ ᠰᠣᠳᠣᠨ ᠲᠡᠦᠬᠡ ᠵᠢᠨ ᠳᠤᠷᠠᠰᠬᠠᠯᠲᠤ ᠵᠦᠢᠯᠡᠰ᠎ᠢ ᠲᠣᠭ᠋ᠠᠵᠢᠭᠤᠯᠤᠨ ᠬᠠᠮᠠᠭ᠋ᠠᠯᠠᠬᠤ ᠲᠥᠷᠥᠯ ᠵᠦᠢᠯ᠎ᠤᠨ ᠲᠤᠰᠬᠠᠶ ᠪᠠᠯᠠ ᠮᠥᠩᠭᠥ ᠪᠠᠭᠤᠵᠤ ᠢᠷᠡᠨ ᠪᠣᠳᠠᠲᠠᠢ᠌ᠵᠢᠪᠠ᠃ ᠡᠨᠡ᠎ᠨᠢ ᠬᠣᠲᠠ ᠵᠢᠨ ᠮᠦᠽᠧᠶ ᠵᠢᠨ ᠬᠠᠳᠠᠭ᠋ᠠᠯᠠᠵᠤ ᠪᠠᠢ᠌ᠭ᠎ᠠ ᠰᠣᠳᠣᠨ ᠲᠡᠦᠬᠡ ᠵᠢᠨ ᠳᠤᠷᠠᠰᠬᠠᠯᠲᠤ ᠵᠦᠢᠯᠡᠰ᠎ᠢ ᠲᠣᠭ᠋ᠠᠵᠢᠭᠤᠯᠤᠨ ᠬᠠᠮᠠᠭ᠋ᠠᠯᠠᠬᠤ ᠲᠥᠷᠥᠯ ᠵᠦᠢᠯ ᠤᠳᠠᠯ ᠥᠬᠡᠶ ᠡᠬᠢᠯᠡᠬᠦ ᠪᠣᠯᠤᠭᠰᠠᠨ᠎ᠢ ᠬᠠᠷᠠᠭᠤᠯᠵᠤ ᠪᠠᠢ᠌ᠨ᠎ᠠ᠃ 4 ᠳ᠋ᠦ᠍ᠭᠡᠷ ᠰᠠᠷ᠎ᠠ ᠵᠢᠨ ᠳᠤᠮᠳᠠᠴᠢ ᠰᠡᠭᠦᠯᠴᠢ᠎ᠠᠴᠠ ᠡᠬᠢᠯᠡᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠪᠠ ᠳᠠᠭ᠋ᠠᠭ᠋ᠠᠴᠢᠯᠠᠯᠲᠠ ᠵᠠᠷᠯᠠᠨ ᠬᠦᠯᠢᠶᠡᠬᠦ ᠭᠠᠷᠳᠠᠮᠤᠳᠢ ᠭᠦᠢ᠍ᠴᠡᠳᠭᠡᠨ᠎ᠡ᠃ ᠲᠣᠰ ᠬᠠᠮᠠᠭ᠋ᠠᠯᠠᠯᠲᠠ ᠵᠢᠨ ᠲᠥᠷᠥᠯ ᠵᠦᠢᠯ᠎ᠢ ᠬᠣᠲᠠ ᠵᠢᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠲᠥᠪ ᠬᠠᠷᠢᠭᠤᠴᠠᠵᠤ᠂ ᠬᠣᠲᠠ ᠵᠢᠨ ᠮᠦᠽᠧᠶ ᠪᠣᠳᠠᠲᠠᠶ ᠬᠡᠷᠡᠭᠵᠢᠭᠦᠯᠦᠨ᠎ᠡ᠃
ᠲᠣᠰ ᠬᠠᠮᠠᠭ᠋ᠠᠯᠠᠯᠲᠠ ᠵᠢᠨ ᠲᠥᠷᠥᠯ ᠵᠦᠢᠯ᠎ᠨᠢ ᠬᠣᠲᠠ ᠵᠢᠨ ᠮᠦᠽᠧᠶ ᠵᠢᠨ ᠬᠠᠳᠠᠭ᠋ᠠᠯᠠᠵᠤ ᠪᠠᠢ᠌ᠭ᠎ᠠ 273 ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢᠯᠡᠰ᠎ᠢ ᠰᠤᠩᠭᠤᠭ᠋ᠠᠳ᠂ ᠭᠤᠷᠪᠠᠨ ᠬᠡᠮᠵᠢᠯᠳᠦ ᠯᠠᠢ᠌ᠰᠧᠷ ᠰᠢᠷᠪᠢᠯᠲᠡ᠂ ᠣᠢ᠌ᠷ᠎ᠠ ᠦᠵᠡᠮᠵᠢ ᠵᠢᠨ ᠵᠢᠷᠤᠭᠯᠠᠯ ᠬᠡᠮᠵᠢᠯᠲᠡ᠂ ᠬᠡ ᠤᠭ᠋ᠠᠯᠵᠠ ᠵᠢᠨ ᠵᠢᠷᠤᠭᠯᠠᠯ᠂ ᠭᠤᠷᠪᠠᠨ ᠬᠡᠮᠵᠢᠯᠳᠦ ᠺᠠᠷᠲ᠋ᠣᠨ ᠵᠢᠷᠤᠭ᠂ ᠬᠡᠢ᠌ᠰᠪᠦᠷᠢ ᠠᠬᠤᠶ ᠪᠠᠢ᠌ᠳᠠᠯ ᠵᠡᠷᠭᠡ ᠳᠡᠭᠡᠳᠦ ᠰᠢᠨ᠎ᠡ ᠮᠡᠷᠭᠡᠵᠢᠯ᠎ᠢ ᠠᠰᠢᠭᠯᠠᠨ᠂ ᠳᠡᠯᠭᠡᠨ ᠦᠵᠡᠭᠦᠯᠦᠯᠲᠡ ᠵᠢᠴᠢ ᠲᠡᠦᠬᠡ ᠵᠢᠨ ᠳᠤᠷᠠᠰᠬᠠᠯᠲᠤ ᠵᠦᠢᠯᠡᠰ᠎ᠢ ᠲᠣᠭ᠋ᠠᠵᠢᠭᠤᠯᠵᠤ᠂ ᠦᠵᠡᠮᠦᠷᠢ ᠵᠢᠨ ᠵᠦᠢ᠍ᠯᠡᠰ᠎ᠤᠨ ᠲᠣᠭ᠎ᠠ ᠪᠠᠷᠢᠮᠲᠠ ᠵᠢ ᠥᠨᠢᠳᠡ ᠤᠳᠠᠭ᠋ᠠᠨ ᠬᠠᠳᠠᠭ᠋ᠠᠯᠠᠨ᠎ᠠ᠃
ᠮᠦᠽᠧᠶ ᠵᠢᠨ ᠬᠠᠳᠠᠭ᠋ᠠᠯᠠᠵᠤ ᠪᠠᠢ᠌ᠭ᠎ᠠ ᠰᠣᠳᠣᠨ ᠲᠡᠦᠬᠡ ᠵᠢᠨ ᠳᠤᠷᠠᠰᠬᠠᠯᠲᠤ ᠵᠦᠢᠯᠡᠰ᠎ᠢ ᠲᠣᠭ᠋ᠠᠵᠢᠭᠤᠯᠤᠨ ᠬᠠᠮᠠᠭ᠋ᠠᠯᠠᠬᠤ ᠲᠥᠷᠥᠯ ᠵᠦᠢᠯ᠎ᠢ ᠬᠡᠷᠡᠭᠵᠢᠭᠦᠯᠬᠦ᠎ᠨᠢ ᠬᠣᠲᠠ ᠵᠢᠨ ᠮᠦᠽᠧᠶ ᠵᠢᠨ ᠳᠡᠯᠭᠡᠨ ᠦᠵᠡᠭᠦᠯᠬᠦ ᠠᠷᠭ᠎ᠠ ᠬᠡᠯᠪᠡᠷᠢ ᠵᠢ ᠰᠢᠨᠡᠴᠢᠯᠡᠨ ᠥᠭᠡᠷᠡᠴᠢᠯᠡᠵᠦ᠂ ᠲᠣᠭ᠋ᠠᠵᠢᠭᠤᠯᠬᠤ ᠵᠢ ᠲᠣᠭᠣᠷᠢᠨ ᠦᠵᠡᠵᠦ ᠪᠡᠶᠡᠴᠢᠯᠡᠨ ᠣᠢ᠌ᠯᠠᠭ᠋ᠠᠬᠤ ᠠᠷᠭ᠎ᠠ ᠮᠠᠶᠢᠭ᠎ᠲᠤ ᠠᠭᠣᠰᠬᠠᠨ᠂ ᠵᠢᠭᠤᠯᠴᠢᠯᠠᠭᠴᠢᠳ᠎ᠲᠤ ᠰᠣᠭᠲᠤᠭᠤᠷᠠᠯᠲᠠᠢ᠂ ᠬᠠᠷᠢᠯᠴᠠᠯ ᠲᠠᠢ ᠲᠣᠭᠣᠷᠢᠨ ᠦᠵᠡᠵᠦ ᠪᠡᠶᠡᠴᠢᠯᠡᠨ ᠣᠢ᠌ᠯᠠᠭ᠋ᠠᠬᠤ ᠠᠷᠭ᠎ᠠ ᠮᠠᠶᠢᠭ᠎ᠢ ᠬᠠᠩᠭ᠋ᠠᠵᠤ᠂ ᠦᠵᠡᠭᠴᠢᠳ᠎ᠲᠤ ᠥᠨᠢ ᠤᠳᠠᠭ᠋ᠠᠨ ᠦᠬᠠᠶ ᠵᠢᠨ ᠲᠡᠦᠬᠡ ᠰᠣᠶᠣᠯ᠎ᠢ ᠳᠡᠯᠭᠡᠵᠦ ᠦᠵᠡᠭᠦᠯᠦᠨ᠂ ᠥᠷᠭᠡᠨ ᠣᠯᠠᠨ ᠦᠵᠡᠭᠴᠢᠳ᠎ᠤᠨ ᠥᠪᠡᠰᠦᠪᠡᠨ ᠦᠢᠯᠡᠴᠢᠯᠡᠬᠦ ᠣᠯᠠᠨ ᠡᠰᠢᠲᠦ ᠳᠡᠯᠭᠡᠨ ᠦᠵᠡᠭᠦᠯᠵᠦ ᠪᠡᠶᠡᠴᠢᠯᠡᠨ ᠣᠢ᠌ᠯᠠᠭ᠋ᠠᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠶᠤᠮ᠃