ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠤᠳᠠ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠲᠤᠰᠬᠠᠶ ᠪᠠᠢ᠌ᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄ 2022-04-22

     4 ᠳ᠋ᠦ᠍ᠭᠡᠷ ᠰᠠᠷ᠎ᠠ ᠵᠢᠨ 17᠎ᠤ ᠡᠳᠦᠷ᠎ᠤᠨ ᠦᠳᠡ ᠵᠢᠨ ᠬᠣᠢ᠌ᠨ᠎ᠠ᠂ ᠤᠳᠠ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ᠎ᠤ ᠳᠠᠷᠤᠭ᠎ᠠ ᠶᠠᠩ ᠱᠧᠩ ᠯᠢ ᠪᠦᠯᠬᠦᠮ ᠳᠠᠭ᠋ᠠᠭᠤᠯᠤᠨ᠂ ᠤᠳᠠ ᠲᠣᠭᠣᠷᠢᠭ᠎ᠤᠨ 1 ᠵᠢᠭᠤᠯᠴᠢᠯᠠᠯ᠎ᠤᠨ ᠦᠵᠡᠮᠵᠢ ᠵᠢᠨ ᠣᠷᠣᠨ ᠪᠣᠯᠤᠨ 5 ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠨᠡᠢ᠌ᠲᠡ 6 ᠵᠢᠭᠤᠯᠴᠢᠯᠠᠯ᠎ᠤᠨ ᠡᠵᠡᠩᠨᠡᠯᠲᠡ ᠵᠢᠨ ᠲᠠᠯᠠᠪᠤᠷ᠎ᠲᠤ ᠠᠶᠤᠯ ᠥᠬᠡᠶ ᠦᠢᠯᠡᠳᠪᠦᠷᠢᠯᠡᠯ᠎ᠢ ᠪᠠᠢ᠌ᠴᠠᠭ᠋ᠠᠵᠤ᠂ ᠦᠢᠯᠡᠴᠢᠯᠡᠭᠡᠨ᠎ᠤ ᠶᠠᠰᠤ ᠴᠢᠨᠠᠷ᠎ᠤᠨ ᠪᠠᠢ᠌ᠳᠠᠯ᠎ᠢ ᠣᠢ᠌ᠯᠠᠭ᠋ᠠᠪᠠ᠃
      ᠪᠠᠢ᠌ᠴᠠᠭ᠋ᠠᠬᠤ ᠳᠤᠭᠤᠢ᠌ᠯᠠᠩ ᠲᠤᠬᠠᠶ ᠵᠢᠨ ᠭᠠᠵᠠᠷ᠎ᠲᠤ᠎ᠨᠢ ᠪᠠᠢ᠌ᠴᠠᠭ᠋ᠠᠨ ᠦᠵᠡᠬᠦ᠂ ᠡᠬᠡ ᠲᠠᠩᠰᠠ ᠵᠢ᠎ᠨᠢ ᠪᠠᠢ᠌ᠴᠠᠭ᠋ᠠᠨ ᠦᠵᠡᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠵᠢᠭᠤᠯᠴᠢᠯᠠᠯ᠎ᠤᠨ ᠦᠵᠡᠮᠵᠢ ᠵᠢᠨ ᠣᠷᠣᠨ ᠪᠠ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠡᠷᠦᠬᠡ ᠵᠢᠨ ᠡᠵᠡᠩᠨᠡᠬᠦ ᠦᠨᠡᠮᠯᠡᠯ᠂ ᠣᠳᠣᠨ ᠲᠠᠰ᠎ᠤᠨ ᠲᠡᠮᠳᠡᠭ ᠫᠠᠢ᠌ᠰᠠ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠲᠦᠷᠢᠮ ᠲᠣᠭᠲᠠᠭ᠋ᠠᠯ᠂ ᠢᠳᠡᠭᠡᠨ᠎ᠤ ᠠᠮᠤᠷ ᠲᠦᠪᠰᠢᠨ᠂ ᠡᠷᠡᠭᠦᠯ ᠬᠠᠮᠠᠭ᠋ᠠᠯᠠᠯ᠎ᠤᠨ ᠪᠠᠢ᠌ᠳᠠᠯ ᠵᠢᠴᠢ ᠦᠢᠯᠡᠴᠢᠯᠡᠭᠡᠨ᠎ᠤ ᠲᠦᠬᠦᠭᠡᠷᠦᠮᠵᠢ ᠵᠡᠷᠭᠡ ᠲᠠᠯ᠎ᠠ᠎ᠳᠤ ᠭᠣᠤᠯᠳᠠᠯᠭ᠎ᠠ᠎ᠲᠠᠢ ᠪᠥᠬᠥ ᠲᠠᠯ᠎ᠠ ᠵᠢᠨ ᠪᠠᠢ᠌ᠴᠠᠭ᠋ᠠᠯᠲᠠ ᠬᠢᠪᠠ᠃ ᠲᠣᠰ ᠤᠳᠠᠭ᠋ᠠᠨ᠎ᠤ ᠪᠠᠢ᠌ᠴᠠᠭ᠋ᠠᠯᠲᠠ᠎ᠳᠤ ᠨᠡᠢ᠌ᠲᠡ 3 ᠬᠥᠮᠦᠨ᠎ᠢ ᠲᠣᠮᠢᠯᠠᠵᠤ᠂ 5 ᠵᠦᠢᠯ᠎ᠤᠨ ᠠᠰᠠᠭᠤᠳᠠᠯ᠎ᠢ ᠣᠯᠵᠤ ᠮᠡᠳᠡᠨ᠂ ᠲᠠᠯᠠᠪᠤᠷ ᠭᠠᠵᠠᠷ᠎ᠤᠨ ᠬᠠᠷᠢᠭᠤᠴᠠᠯᠭ᠋ᠠᠲᠠᠨ᠎ᠢ ᠳᠠᠷᠤᠶ ᠲᠦᠷᠭᠡᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ ᠭᠡᠵᠦ ᠲᠤᠬᠠᠶ ᠵᠢᠨ ᠲᠠᠯᠠᠪᠠᠶ᠎ᠳᠤ᠎ᠨᠢ ᠱᠠᠭ᠋ᠠᠷᠳᠠᠵᠠᠢ᠃
      ᠪᠠᠢ᠌ᠴᠠᠭ᠋ᠠᠬᠤ ᠳᠤᠭᠤᠢ᠌ᠯᠠᠩ᠎ᠠᠴᠠ ᠴᠢᠬᠤᠯᠠᠴᠢᠯᠠᠭᠰᠠᠨ᠎ᠨᠢ᠂ ᠨᠢᠭᠡ᠎ᠳᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠴᠡᠭ᠎ᠤᠨ ᠡᠵᠡᠩᠨᠡᠯᠲᠡ ᠵᠢᠨ ᠣᠷᠴᠢᠨ ᠨᠥᠬᠥᠴᠡᠯ᠎ᠢ ᠰᠠᠢ᠌ᠵᠢᠷᠠᠭᠤᠯᠵᠤ᠂ ᠵᠢᠭᠤᠯᠴᠢᠯᠠᠯ᠎ᠤᠨ ᠭᠥᠯᠢᠶᠡᠨ ᠠᠪᠴᠤ ᠡᠵᠡᠩᠨᠡᠬᠦ ᠰᠠᠢ᠌ᠨ ᠰᠠᠢ᠌ᠬᠠᠨ ᠣᠷᠴᠢᠨ ᠨᠥᠬᠥᠴᠡᠯ᠎ᠢ ᠪᠣᠶ ᠪᠣᠯᠭ᠋ᠠᠨ᠎ᠠ᠃ ᠬᠣᠶᠠᠷ᠎ᠲᠤ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠦᠢᠯᠡᠴᠢᠯᠡᠭᠡᠨ᠎ᠤ ᠪᠡᠯᠡᠳᠬᠡᠮᠵᠢ ᠵᠢ ᠲᠡᠭᠦᠯᠳᠡᠷᠵᠢᠭᠦᠯᠵᠦ᠂ ᠬᠠᠮᠢᠶ᠎ᠠ ᠪᠥᠬᠥᠶ ᠣᠳᠣᠨ ᠲᠠᠰ᠎ᠤᠨ ᠦᠨᠡᠯᠡᠨ ᠲᠣᠭᠲᠠᠭ᠋ᠠᠯᠲᠠ ᠪᠠ ᠬᠠᠮᠢᠶᠠᠷᠤᠯᠲᠠ ᠵᠢᠨ ᠪᠠᠷᠢᠮᠵᠢᠶ᠎ᠠ ᠶᠣᠰᠣᠭ᠋ᠠᠷ᠂ ᠲᠣᠭᠣᠭ᠋ᠠᠨ ᠬᠡᠷ᠂ ᠬᠣᠭᠣᠯᠠᠨ ᠬᠡᠷ᠂ ᠵᠣᠴᠢᠳ᠎ᠤᠨ ᠥᠷᠥᠭᠡ᠂ ᠵᠣᠷᠯᠣᠩ ᠵᠢᠴᠢ ᠵᠤᠭ᠎ᠠ ᠴᠡᠩᠭᠡᠯ᠎ᠤᠨ ᠪᠡᠯᠡᠳᠬᠡᠮᠵᠢ ᠵᠡᠷᠭᠡ ᠲᠠᠯ᠎ᠠ᠎ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠵᠢᠭᠤᠯᠴᠢᠯᠠᠭᠴᠢᠳ᠎ᠤᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠭᠤᠷᠪᠠ᠎ᠳᠤ᠂ ᠬᠠᠮᠢᠶ᠎ᠠ ᠪᠥᠬᠥᠶ ᠪᠠᠷᠢᠮᠵᠢᠶ᠎ᠠ ᠶᠣᠰᠣᠭ᠋ᠠᠷ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠴᠡᠭ᠎ᠤᠨ ᠵᠠᠮᠴᠢᠯᠠᠬᠤ ᠲᠡᠮᠳᠡᠭ᠎ᠤᠨ ᠦᠢᠯᠡᠴᠢᠯᠡᠭᠡᠨ᠎ᠤ ᠪᠡᠯᠡᠳᠬᠡᠮᠵᠢ ᠵᠢ ᠲᠡᠭᠦᠯᠳᠡᠷᠵᠢᠭᠦᠯᠦᠨ᠂ ᠡᠯ᠎ᠡ ᠵᠦᠢᠯ᠎ᠤᠨ ᠬᠥᠲᠥᠯᠥᠨ ᠵᠢᠯᠣᠭᠣᠳᠬᠤ ᠴᠢᠨᠠᠷᠲᠠᠶ ᠲᠡᠮᠳᠡᠭ᠎ᠤᠨ ᠱᠣᠩ ᠱᠣᠰᠢᠭ᠎ᠠ ᠵᠢ ᠵᠢᠷᠤᠮᠵᠢᠭᠤᠯᠤᠨ ᠳᠣᠭᠢᠷᠠᠭᠤᠯᠵᠤ᠂ ᠵᠢᠭᠤᠯᠴᠢᠯᠠᠭᠴᠢᠳ᠎ᠲᠤ ᠪᠦᠷᠢᠨ ᠲᠡᠭᠦᠯᠳᠡᠷ ᠬᠥᠲᠥᠯᠥᠨ ᠵᠢᠯᠣᠭᠣᠳᠬᠤ ᠦᠢᠯᠡᠴᠢᠯᠡᠭᠡ ᠬᠠᠩᠭ᠋ᠠᠨ᠎ᠠ᠃ ᠳᠥᠷᠪᠡ᠎ᠳᠤ᠂ ᠬᠠᠮᠢᠶ᠎ᠠ ᠪᠥᠬᠥᠶ ᠬᠠᠮᠢᠶᠠᠷᠤᠯᠲᠠ ᠵᠢᠨ ᠠᠷᠭ᠎ᠠ ᠵᠢᠨ ᠶᠣᠰᠣᠭ᠋ᠠᠷ᠂ ᠳᠡᠭᠡᠳᠦ ᠱᠠᠲᠤᠨ᠎ᠤ ᠰᠠᠯᠠᠭ᠎ᠠ ᠮᠥᠴᠢᠷ᠎ᠲᠤ ᠴᠡᠭᠴᠡᠯᠡᠨ ᠰᠠᠢ᠌ᠵᠢᠷᠠᠭᠤᠯᠤᠭᠰᠠᠨ ᠵᠶ᠋ᠠᠷ ᠬᠦᠷᠦᠯᠴᠡᠬᠦ ᠥᠬᠡᠶ ᠣᠳᠣᠨ ᠲᠠᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠥᠯᠢᠶᠡᠨ ᠠᠪᠬᠤ ᠴᠡᠭ᠎ᠲᠤ ᠣᠳᠣᠨ ᠲᠠᠰ᠎ᠢ᠎ᠨᠢ ᠪᠠᠭᠤᠷᠠᠭᠤᠯᠬᠤ ᠪᠠ ᠬᠦᠴᠦᠨ ᠥᠬᠡᠶ ᠪᠣᠯᠭ᠋ᠠᠬᠤ ᠠᠷᠭ᠎ᠠ ᠬᠡᠮᠵᠢᠶ᠎ᠡ ᠠᠪᠬᠤ᠎ᠪᠠᠷ ᠭᠤᠶᠤᠴᠢᠯᠠᠵᠤ᠂ ᠬᠥᠳᠡᠭᠡ ᠲᠣᠰᠬᠣᠨ᠎ᠤ ᠰᠣᠶᠣᠯ ᠵᠢᠭᠤᠯᠴᠢᠯᠠᠯ᠎ᠤᠨ ᠭᠥᠯᠢᠶᠡᠨ ᠠᠪᠬᠤ ᠴᠡᠭ᠎ᠤᠨ ᠡᠵᠡᠩᠨᠡᠯᠲᠡ ᠵᠢ ᠲᠠᠰᠤᠷᠠᠯᠲᠠ ᠥᠬᠡᠶ ᠬᠥᠲᠥᠯᠥᠨ ᠵᠢᠯᠣᠭᠣᠳᠴᠤ ᠵᠢᠷᠤᠮᠵᠢᠭᠤᠯᠤᠨ᠂ ᠤᠳᠠ ᠲᠣᠭᠣᠷᠢᠭ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ ᠭᠡᠪᠡ᠃

ᠢᠷᠡᠯᠲᠡ᠄ ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠵᠢᠯᠣᠭᠣᠳᠴᠤ ᠪᠠᠢ᠌ᠴᠠᠭ᠋ᠠᠬᠤ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ ᠠᠷᠠᠳ᠎ᠤᠨ ᠰᠠᠭᠤᠴᠠ ᠵᠢᠨ ᠪᠠᠭᠤᠳᠠᠯ᠎ᠤᠨ ᠪᠦᠯᠦᠭᠯᠡᠯ᠎ᠤᠨ ᠲᠥᠷᠥᠯ ᠵᠦᠢᠯ᠎ᠤᠨ ᠠᠵᠢᠯ ᠡᠬᠢᠯᠡᠪᠡ
2022 ᠣᠨ᠎ᠤ ᠬᠥᠬᠡᠬᠣᠲᠠ ᠵᠢᠨ ᠬᠠᠩᠰᠢ ᠵᠢᠨ ᠠᠮᠠᠷᠠᠯᠲᠠ ᠵᠢᠨ ᠵᠢᠭᠤᠯᠴᠢᠯᠠᠯ᠎ᠤᠨ ᠦᠢᠯᠡᠰ᠎ᠤᠨ ᠲᠣᠭ᠎ᠠ ᠪᠠᠷᠢᠮᠲᠠ
ᠵᠢᠤᠶᠤᠸᠠᠠ ᠲᠣᠭᠣᠷᠢᠭ᠎ᠤᠨ ᠰᠣᠶᠣᠯ᠎ᠤᠨ ᠣᠷᠳᠣᠨ᠎ᠤ 《ᠤᠴᠢ ᠦᠰᠦᠷᠦᠭᠡᠳ ᠠᠭᠤᠯᠠ ᠵᠢ ᠰᠢᠲᠠᠭ᠋ᠠᠨ᠎ᠠ》 ᠰᠠᠢ᠍ᠢ᠍ᠨ ᠳᠤᠷ᠎ᠠ ᠵᠢᠨ ᠰᠣᠶᠣᠯ᠎ᠤᠨ ᠦᠢ᠍ᠯᠡᠴᠢᠯᠡᠭᠡᠨ᠎ᠤ ᠠᠵᠢᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠢᠭᠦᠯᠦᠯ ᠰᠠᠢ᠌ᠰᠢᠶᠠᠯ᠎ᠢ ᠤᠯᠪᠠ
ᠣᠷᠳᠣᠰ᠎ᠤᠨ ᠮᠦᠽᠧᠶ《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ
 
            