ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠪᠤᠭᠤᠲᠤ ᠬᠣᠲᠠ ᠵᠢᠨ ᠨᠣᠮ᠎ᠤᠨ ᠰᠠᠩ᠎ᠠᠴᠠ ᠪᠤᠭᠤᠲᠤ ᠬᠣᠲᠠ ᠵᠢᠨ ᠬᠣᠩ ᠴᠠᠩ ᠰᠤᠷᠭ᠋ᠠᠭᠤᠯᠢ᠎ᠳᠤ 2300 ᠳᠡᠪᠲᠡᠷ ᠨᠣᠮ ᠰᠡᠳᠬᠦᠯ ᠬᠠᠨᠳᠢᠪᠯᠠᠪᠠ
ᠨᠡᠶᠢᠲᠡᠯᠡᠭᠰᠡᠨ ᠴᠠᠭ᠄ 2022-03-23

     3 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠡᠮᠦᠨ᠎ᠡ᠂ ᠪᠤᠭᠤᠲᠤ ᠬᠣᠲᠠ ᠵᠢᠨ ᠨᠣᠮ᠎ᠤᠨ ᠰᠠᠩ᠎ᠨᠢ ᠪᠤᠭᠤᠲᠤ ᠬᠣᠲᠠ ᠵᠢᠨ ᠬᠣᠩ ᠴᠠᠩ ᠰᠤᠷᠭ᠋ᠠᠭᠤᠯᠢ ᠵᠢᠨ ᠪᠥᠬᠥ ᠪᠠᠭᠰᠢ ᠰᠤᠷᠤᠭᠴᠢᠳ᠎ᠲᠤ 2300 ᠳᠡᠪᠲᠡᠷ ᠨᠣᠮ ᠰᠡᠳᠬᠦᠯ ᠬᠠᠨᠳᠢᠪᠯᠠᠪᠠ  ᠃
      ᠪᠤᠭᠤᠲᠤ ᠬᠣᠲᠠ ᠵᠢᠨ ᠬᠣᠩ ᠴᠠᠩ ᠰᠤᠷᠭ᠋ᠠᠭᠤᠯᠢ 40 ᠮᠧᠲᠷ ᠣᠷᠳᠣ ᠭᠡᠷ ᠎ᠤᠨ ᠭᠠᠳᠠᠨᠠᠬᠢ ᠤᠩᠰᠢᠯᠭ᠎ᠠ ᠵᠢᠨ ᠬᠣᠩᠭᠢᠯ ᠪᠠᠢ᠌ᠭᠤᠯᠵᠤ᠂ ᠰᠤᠷᠤᠭᠴᠢᠳ᠎ᠤᠨ ᠰᠠᠢ᠌ᠨ ᠰᠠᠢ᠌ᠬᠠᠨ ᠤᠩᠰᠢᠯᠭ᠎ᠠ ᠵᠢᠨ ᠳᠠᠳᠬᠠᠯ᠎ᠢ ᠬᠥᠮᠦᠵᠢᠭᠦᠯᠪᠡ᠃ ᠭᠡᠪᠡᠴᠦ ᠤᠩᠰᠢᠯᠭ᠎ᠠ ᠵᠢᠨ ᠬᠣᠩᠭᠢᠯ᠎ᠳᠤ ᠨᠣᠮ ᠬᠠᠳᠠᠭ᠋ᠠᠯᠠᠭᠰᠠᠨ ᠬᠡᠮᠵᠢᠶ᠎ᠡ᠎ᠨᠢ ᠪᠠᠭ᠎ᠠ᠂ ᠲᠥᠷᠥᠯ ᠵᠦᠢᠯ᠎ᠨᠢ ᠲᠠᠩ ᠴᠤᠯᠭᠤᠶ ᠵᠡᠷᠭᠡ ᠠᠰᠠᠭᠤᠳᠠᠯ ᠣᠷᠣᠰᠢᠵᠤ ᠪᠤᠢ᠃ ᠲᠣᠰ ᠤᠲᠠᠭ᠋ᠠᠨ᠎ᠤ ᠪᠤᠭᠤᠲᠤ ᠬᠣᠲᠠ ᠵᠢᠨ ᠨᠣᠮ᠎ᠤᠨ ᠰᠠᠩ᠎ᠠᠴᠠ ᠬᠣᠩ ᠴᠠᠩ ᠰᠤᠷᠭ᠋ᠠᠭᠤᠯᠢ᠎ᠳᠤ ᠨᠣᠮ ᠰᠡᠳᠬᠦᠯ ᠬᠠᠨᠳᠢᠪᠯᠠᠭᠰᠠᠨ᠎ᠨᠢ ᠰᠤᠷᠭ᠋ᠠᠭᠤᠯᠢ᠎ᠳᠤ ᠪᠠᠢ᠌ᠭ᠎ᠠ ᠪᠠᠭᠰᠢ ᠰᠤᠷᠤᠭᠴᠢᠳ᠎ᠤᠨ ᠤᠩᠰᠢᠯᠭ᠎ᠠ ᠵᠢᠨ ᠡᠬᠢ ᠪᠠᠶᠠᠯᠢᠭ᠎ᠢ ᠶᠡᠬᠡ ᠬᠡᠮᠵᠢᠶ᠎ᠡ᠎ᠪᠠᠷ ᠪᠠᠶᠠᠯᠢᠭᠵᠢᠭᠤᠯᠵᠤ᠂ ᠨᠣᠮ᠎ᠤᠨ ᠰᠠᠩ᠎ᠤᠨ ᠠᠷᠠᠳ᠎ᠠᠴᠠ ᠡᠷᠭᠢᠯᠡᠭᠰᠡᠨ ᠰᠤᠷᠭ᠋ᠠᠨ ᠬᠥᠮᠦᠵᠢᠯ᠎ᠢ ᠳᠡᠮᠵᠢᠬᠦ᠂ ᠪᠢᠴᠢᠭ᠎ᠤᠨ ᠰᠤᠷᠪᠤᠯᠵᠢᠲᠤ ᠰᠤᠷᠭ᠋ᠠᠭᠤᠯᠢ ᠵᠢᠨ ᠬᠦᠷᠢᠶ᠎ᠡ ᠵᠢ ᠪᠥᠲᠥᠭᠡᠨ ᠪᠠᠢ᠌ᠭᠤᠯᠬᠤ᠂ ᠪᠥᠬᠥ ᠠᠷᠠᠳ᠎ᠤᠨ ᠨᠤᠮ ᠤᠩᠰᠢᠬᠤ ᠵᠢ ᠠᠬᠢᠭᠤᠯᠬᠤ ᠬᠦᠴᠦᠲᠡᠶ ᠠᠷᠭ᠎ᠠ ᠬᠡᠮᠵᠢᠶ᠎ᠡ ᠪᠣᠯᠤᠭᠰᠠᠨ ᠪᠠᠢ᠌ᠨ᠎ᠠ  ᠃
 

ᠢᠷᠡᠯᠲᠡ᠄ ᠪᠤᠭᠤᠲᠤ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠮᠸᠩ ᠰᠢᠶᠤᠤ ᠪᠢᠩ ᠬᠠᠷᠠᠴᠢᠨ ᠬᠣᠰᠢᠭᠤᠨ᠎ᠳᠤ ᠬᠦᠷᠴᠦ ᠪᠥᠬᠥ ᠤᠷᠤᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠬᠥᠯᠥᠨ ᠪᠣᠢ᠌ᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ ᠵᠢᠴᠢ《ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠵᠤ ᠰᠤᠷᠲᠠᠯ ᠵᠶ᠋ᠠᠨ ᠴᠢᠩᠭ᠋ᠠᠳᠬᠠᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠪᠤᠲᠠᠲᠠᠢ᠌ᠵᠢᠭᠤᠯᠬᠤ ᠵᠢ ᠴᠢᠬᠤᠯᠠᠴᠢᠯᠠᠨ ᠳᠦᠷᠢ ᠲᠥᠷᠬᠦ ᠵᠢ ᠪᠣᠶ ᠪᠣᠯᠭ᠋ᠠᠬᠤ》 ᠰᠤᠷᠤᠯᠴᠠᠯᠭ᠎ᠠ ᠦᠢᠯᠡᠳᠦᠯᠭᠡ ᠵᠢᠨ ᠠᠵᠢᠯᠯᠠᠭ᠎ᠠ ᠵᠢᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ
ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠰᠦᠯᠵᠢᠶᠡᠨ ᠳᠡᠭᠡᠷ᠎ᠡ ᠵᠢᠭ᠋ᠠᠨ ᠰᠤᠷᠭ᠋ᠠᠯᠲᠠ ᠥᠷᠨᠢᠭᠦᠯᠵᠦ᠂ ᠣᠯᠠᠨ ᠲᠦᠮᠡᠨ᠎ᠢ ᠳᠠᠳᠠᠵᠤ 《ᠳᠡᠯᠭᠡᠴᠡ ᠠᠯᠤᠰᠯᠠᠵᠤ》 ᠪᠥᠵᠢᠭ ᠰᠤᠷᠤᠯᠴᠠᠭᠤᠯᠪᠠ
ᠠᠪᠠᠭ᠎ᠠ ᠬᠣᠰᠢᠭᠤᠨ᠎ᠤ ᠤᠯᠠᠭ᠋ᠠᠨᠮᠥ᠋ᠴᠢᠷ 《ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠲᠡᠷᠢᠭᠦᠨ᠎ᠤ ᠬᠠᠮᠲᠤ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ
ᠤᠳᠠ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠲᠤᠰᠬᠠᠶ ᠪᠠᠢ᠌ᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ
 
            