3 ᠳ᠋ᠤᠭ᠋ᠠᠷ ᠰᠠᠷ᠎ᠠ ᠵᠢᠨ 16᠎ᠤ ᠡᠳᠦᠷ᠎ᠤᠨ ᠦᠳᠡ ᠵᠢᠨ ᠡᠮᠦᠨ᠎ᠡ᠂ ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠮᠸᠩ ᠰᠢᠶᠤᠤ ᠪᠢᠩ ᠬᠠᠷᠠᠴᠢᠨ ᠬᠣᠰᠢᠭᠤᠨ᠎ᠳᠤ ᠬᠦᠷᠴᠦ ᠪᠥᠬᠥ ᠤᠷᠤᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ ᠃ ᠬᠠᠷᠠᠴᠢᠨ ᠬᠣᠰᠢᠭᠤᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠬᠣᠰᠢᠭᠤᠨ ᠳᠠᠷᠤᠭ᠎ᠠ ᠵᠤᠤ ᠶᠠᠨ ᠬᠣᠩ᠂ ᠳᠡᠳ᠋ ᠬᠣᠰᠢᠭᠤᠨ ᠳᠠᠷᠤᠭ᠎ᠠ ᠢ ᠰᠢᠦ ᠴᠢᠤᠸᠠᠨ ᠪᠠᠷ᠎ᠠ ᠪᠣᠯᠪᠠ ᠃
ᠮᠸᠩ ᠰᠢᠶᠤᠤ ᠪᠢᠩ ᠤᠷᠢᠳ ᠬᠣᠵᠢᠳ ᠮᠠ ᠠᠨ ᠱᠠᠨ᠎ᠤ ᠬᠤᠪᠢᠰᠬᠠᠯ᠎ᠤᠨ ᠬᠥᠮᠦᠵᠢᠯ᠎ᠤᠨ ᠰᠠᠭᠤᠷᠢᠨ ᠭᠠᠵᠠᠷ᠂ ᠸᠠᠩ᠎ᠤᠨ ᠣᠷᠳᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠂ ᠱᠠᠨ ᠷᠥᠩ ᠠᠢ᠌ᠮᠠᠭ ᠦᠵᠡᠮᠵᠢ ᠵᠢᠨ ᠣᠷᠣᠨ᠂ ᠮᠡᠢ᠌ᠷᠡᠨ ᠵᠢᠯᠠᠭ᠎ᠠ ᠴᠠᠨᠠᠯᠠᠯᠲᠠ ᠵᠢᠨ ᠲᠠᠯᠠᠪᠠᠶ ᠵᠡᠷᠭᠡ ᠭᠠᠵᠠᠷ᠎ᠲᠤ ᠬᠦᠷᠴᠦ᠂ ᠲᠤᠬᠠᠶ ᠵᠢᠨ ᠭᠠᠵᠠᠷ᠎ᠲᠤᠨᠢ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ᠃ ᠮᠸᠩ ᠰᠢᠶᠤᠤ ᠪᠢᠩ ᠵᠢᠭ᠋ᠠᠵᠤ ᠭᠠᠷᠭ᠋ᠠᠭᠰᠠᠨ᠎ᠨᠢ᠂ ᠬᠠᠷᠠᠴᠢᠨ ᠬᠣᠰᠢᠭᠤ ᠪᠣᠯ ᠲᠣᠪᠣᠢ᠌ᠮ᠎ᠠ ᠣᠷᠣᠨ ᠪᠠᠢ᠌ᠷᠢ ᠪᠠ ᠵᠠᠮ ᠬᠠᠷᠢᠯᠴᠠᠭ᠋ᠠᠨ᠎ᠤ ᠳᠠᠪᠠᠭᠤᠯᠢᠭ᠎ᠲᠠᠢ᠂ ᠪᠠᠢ᠌ᠭ᠋ᠠᠯᠢ ᠵᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠳᠠᠯᠳᠠ ᠬᠦᠴᠦᠨ ᠶᠡᠬᠡ᠂ ᠭᠦᠨ ᠵᠤᠵᠠᠭ᠋ᠠᠨ ᠰᠣᠶᠣᠯ ᠲᠡᠦᠬᠡ ᠵᠢᠨ ᠠᠭᠤᠯᠤᠭᠳᠠᠬᠤᠨ᠎ᠲᠠᠢ ᠶᠤᠮ᠃ ᠬᠣᠰᠢᠭᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠭᠦᠨᠵᠡᠭᠡᠶ ᠰᠤᠳᠤᠯᠵᠤ᠂ ᠰᠡᠳᠬᠢᠴᠡ᠎ᠪᠠᠨ ᠴᠡᠭᠴᠡᠯᠡᠨ᠂ ᠠᠵᠤ ᠦᠢᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠂ ᠰᠢᠰᠲ᠋ᠧᠮ᠎ᠲᠠᠢ ᠲᠣᠭᠲᠠᠭ᠋ᠠᠵᠤ᠂ ᠣᠷᠣᠨ ᠵᠠᠶ ᠵᠢᠨ ᠪᠠᠢ᠌ᠷᠢᠰᠢᠭᠤᠯᠤᠯᠲᠠ᠂ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠣᠷᠣᠭᠤᠯᠬᠤ ᠪᠠ ᠰᠠᠭᠤᠷᠢ ᠲᠥᠬᠥᠭᠡᠷᠦᠮᠵᠢ ᠵᠢ ᠢᠵᠢ ᠪᠦᠷᠢᠳᠦᠭᠦᠯᠬᠦ ᠲᠠᠯ᠎ᠠ᠎ᠪᠠᠷ ᠪᠠᠷᠠᠯᠠᠯᠲᠤ ᠴᠢᠨᠠᠷ ᠵᠶ᠋ᠠᠨ ᠢᠯᠡᠷᠡᠭᠦᠯᠬᠦ ᠬᠡᠷᠡᠭᠲᠡᠶ᠃ ᠪᠠᠢ᠌ᠭ᠋ᠠᠯᠢ ᠵᠢᠨ ᠡᠬᠢ ᠪᠠᠶᠠᠯᠢᠭ᠎ᠲᠤ ᠲᠦᠰᠢᠭᠯᠡᠵᠦ᠂ ᠤᠨᠴᠠᠯᠢᠬᠳᠤ ᠳᠠᠪᠠᠭᠤᠯᠢᠭ ᠵᠶ᠋ᠠᠨ ᠭᠦᠢ᠍ᠴᠡᠳ ᠠᠭᠤᠳᠠᠯᠵᠤ᠂ ᠠᠮᠢ ᠠᠬᠤᠢ ᠵᠢᠨ ᠦᠵᠡᠮᠵᠢ ᠵᠢᠨ ᠡᠬᠢ ᠪᠠᠶᠠᠯᠢᠭ᠎ᠤᠨ ᠳᠠᠪᠠᠭᠤᠯᠢᠭ᠎ᠢ ᠬᠦᠴᠦᠯᠡᠨ ᠪᠠᠢ᠌ᠭᠤᠯᠵᠤ᠂ ᠪᠦᠬᠦ ᠣᠷᠣᠨ ᠪᠦᠰᠡ ᠵᠢᠨ ᠵᠢᠭᠤᠯᠴᠢᠯᠠᠯ᠂ ᠲᠦᠷᠪᠡᠨ ᠤᠯᠠᠷᠢᠯ᠎ᠤᠨ ᠵᠢᠭᠤᠯᠴᠢᠯᠠᠯ᠎ᠢ ᠬᠦᠴᠦᠯᠡᠨ ᠠᠬᠢᠭᠤᠯᠵᠤ᠂ 《ᠢᠳᠡᠬᠦ᠂ ᠬᠤᠨᠤᠭᠯᠠᠬᠤ᠂ ᠶᠠᠪᠤᠬᠤ᠂ ᠵᠢᠭᠤᠯᠴᠢᠯᠠᠬᠤ᠂ ᠬᠤᠳᠠᠯᠳᠤᠨ ᠠᠪᠬᠤ᠂ ᠴᠡᠩᠭᠡᠯᠳᠦᠬᠦ᠂ ᠪᠡᠶ᠎ᠡ ᠪᠤᠯᠪᠠᠰᠤᠷᠠᠬᠤ》ᠠᠵᠤ ᠦᠢ᠍ᠯᠡᠰ᠎ᠤᠨ ᠬᠥᠭᠵᠢᠯᠲᠡ ᠵᠢᠨ ᠪᠠᠢ᠌ᠴᠠ ᠵᠢ ᠴᠢᠷᠮᠠᠢ᠌ᠨ ᠠᠬᠢᠭᠤᠯᠵᠤ᠂ ᠠᠮᠢ ᠠᠬᠤᠢ ᠵᠢᠨ ᠵᠢᠭᠤᠯᠴᠢᠯᠠᠯ᠎ᠤᠨ ᠦᠢ᠍ᠯᠡᠰ᠎ᠤᠨ ᠤᠷᠤᠬᠰᠢ ᠬᠥᠭᠵᠢᠬᠦ ᠵᠢ ᠢᠳᠡᠪᠬᠢᠲᠡᠢ ᠠᠬᠢᠭᠤᠯᠬᠤ ᠬᠡᠷᠡᠭᠲᠡᠢ᠃ ᠦᠵᠡᠮᠵᠢ ᠵᠢᠨ ᠣᠷᠣᠨ᠂ ᠵᠠᠮ ᠱᠤᠭᠤᠮ᠎ᠤᠨ ᠪᠦᠲᠦᠭᠡᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢ ᠨᠠᠩ ᠥᠨᠳᠥᠷ ᠭᠠᠷᠤᠭ᠎ᠠ᠎ᠠᠴᠠ ᠰᠠᠢ᠌ᠲᠤᠷ ᠬᠢᠵᠦ᠂ ᠨᠠᠩ ᠰᠠᠢ᠌ᠨ ᠰᠡᠳᠬᠢᠴᠡ᠎ᠪᠠᠷ ᠦᠵᠡᠮᠵᠢ ᠵᠢᠨ ᠣᠷᠣᠨ᠎ᠤ ᠣᠨᠴᠠᠯᠢᠭ ᠪᠠ ᠠᠭᠤᠯᠤᠭᠳᠠᠬᠤᠨ᠎ᠢ ᠲᠥᠯᠥᠪᠵᠢᠭᠦᠯᠵᠦ᠂ ᠦᠵᠡᠮᠵᠢ ᠵᠢᠨ ᠣᠷᠣᠨ᠎ᠤ ᠢᠵᠢ ᠪᠦᠷᠢᠨ ᠲᠦᠭᠦᠭᠡᠷᠦᠮᠵᠢ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠠ ᠦᠢᠯᠡᠴᠢᠯᠡᠭᠡᠨ᠎ᠤ ᠴᠢᠳᠠᠪᠤᠷᠢ ᠵᠢ ᠳᠡᠭᠡᠭᠰᠢᠯᠡᠭᠦᠯᠵᠦ᠂ ᠪᠥᠬᠥ ᠣᠷᠣᠨ ᠪᠦᠰᠡ ᠵᠢᠨ ᠵᠢᠭᠤᠯᠴᠢᠯᠠᠯ᠎ᠤᠨ ᠳᠡᠰ ᠳᠡᠪᠰᠢᠬᠦ ᠵᠢ ᠠᠬᠢᠭᠤᠯᠬᠤ ᠬᠡᠷᠡᠭᠲᠠᠢ᠃ ᠡᠷᠴᠢᠮᠵᠢᠭᠦᠯᠦᠨ ᠲᠥᠪᠯᠡᠷᠡᠭᠦᠯᠦᠨ ᠬᠥᠭᠵᠢᠭᠦᠯᠬᠦ ᠵᠢ ᠴᠢᠬᠤᠯᠠᠴᠢᠯᠠᠵᠤ᠂ ᠣᠷᠣᠨ ᠪᠦᠰᠡ ᠵᠢᠨ ᠳᠣᠲᠣᠷᠠᠬᠢ ᠣᠨᠴᠠᠯᠢᠭᠲᠤ ᠵᠢᠭᠤᠯᠴᠢᠯᠠᠯ᠎ᠤᠨ ᠦᠵᠡᠮᠵᠢ ᠵᠢᠨ ᠭᠠᠵᠠᠷ᠎ᠢ ᠬᠣᠯᠪᠣᠵᠤ᠂ ᠤᠯᠠᠭ᠋ᠠᠨᠬᠠᠳᠠ ᠬᠣᠲᠠ ᠵᠢᠨ ᠤᠢ᠌ᠷ᠎ᠠ ᠲᠡᠭᠦᠷᠭᠡ ᠵᠢᠨ ᠵᠢᠭᠤᠯᠴᠢᠯᠠᠯ᠎ᠤᠨ ᠰᠢᠨ᠎ᠡ ᠲᠣᠭᠣᠷᠢᠭ ᠱᠤᠭᠤᠮ᠎ᠢ ᠪᠠᠢ᠌ᠭᠤᠯᠬᠤ ᠬᠡᠷᠡᠭᠲᠡᠶ ᠭᠡᠪᠡ᠃