3 ᠳ᠋ᠤᠭ᠋ᠠᠷ ᠰᠠᠷ᠎ᠠ ᠵᠢᠨ 23᠎ᠤ ᠡᠳᠦᠷ᠂ ᠵᠡᠭᠦᠨᠭ᠋ᠠᠷ ᠬᠣᠰᠢᠭᠤ 《ᠮᠠᠩᠬᠠᠨ ᠠᠶᠠᠯᠭᠤ ᠵᠢ ᠬᠠᠮᠠᠭ᠋ᠠᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠬᠤ ᠠᠵᠢᠯ᠎ᠤᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠰᠠᠭᠤᠳᠠᠯ᠎ᠤᠨ ᠬᠤᠷᠠᠯ ᠬᠤᠷᠠᠯᠳᠤᠭᠤᠯᠵᠤ᠂ ᠮᠠᠩᠬᠠᠨ ᠠᠶᠠᠯᠭᠤ ᠵᠢ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠠᠵᠢᠯ᠎ᠤᠨ ᠰᠡᠳᠬᠢᠮᠵᠢ ᠵᠢ ᠶᠠᠷᠢᠯᠴᠠᠵᠤ᠂ ᠪᠣᠳᠠᠲᠠᠶ ᠬᠡᠷᠡᠭᠵᠢᠭᠦᠯᠬᠦ ᠲᠥᠷᠥᠯ ᠵᠦᠢᠯ᠎ᠢ ᠡᠮᠬᠢᠯᠡᠨ ᠳᠢᠭᠯᠡᠵᠦ᠂ ᠠᠵᠢᠯ᠎ᠤᠨ ᠲᠤᠰᠬᠠᠶ ᠠᠩᠭᠢ ᠵᠢ ᠵᠣᠬᠢᠶᠠᠨ ᠪᠠᠢ᠌ᠭᠤᠯᠵᠤ᠂ 《ᠮᠠᠩᠬᠠᠨ ᠠᠶᠠᠯᠭᠤ ᠵᠢ ᠬᠠᠮᠠᠭ᠋ᠠᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠬᠤ ᠠᠵᠢᠯ᠎ᠤᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠪᠠ᠃
ᠵᠡᠭᠦᠨᠭ᠋ᠠᠷ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠵᠠᠩ ᠵᠢᠶᠦ᠋ᠨ ᠬᠤᠷᠠᠯ ᠡᠷᠭᠢᠯᠡᠵᠦ᠂ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠬᠣᠰᠢᠭᠤᠨ ᠳᠠᠷᠤᠭ᠎ᠠ ᠵᠠᠩ ᠶᠠ ᠨᠠᠨ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠤᠳᠤᠷᠢᠳᠤᠯᠭ᠎ᠠ᠂ ᠬᠠᠮᠢᠶ᠎ᠠ ᠪᠥᠬᠥᠶ ᠬᠦᠷᠢᠶᠡᠨ᠎ᠤ ᠲᠤᠰᠬᠠᠶ ᠮᠡᠷᠭᠡᠵᠢᠯᠲᠡᠨ ᠤᠷᠢᠯᠭ᠎ᠠ᠎ᠪᠠᠷ ᠬᠤᠷᠠᠯ᠎ᠳᠤ ᠣᠷᠣᠯᠴᠠᠭᠰᠠᠨ ᠪᠥᠭᠡᠳ ᠲᠥᠰᠦᠯ ᠨᠠᠢ᠌ᠷᠠᠭᠤᠯᠤᠨ ᠵᠣᠬᠢᠶᠠᠬᠤ ᠠᠵᠢᠯ᠎ᠤᠨ ᠲᠤᠬᠠᠶ ᠵᠢᠯᠣᠭᠣᠳᠬᠤ ᠴᠢᠨᠠᠷᠲᠠᠶ ᠰᠠᠨᠠᠯ ᠳᠤᠷᠠᠳᠴᠠᠶ᠃
ᠬᠤᠷᠠᠯ ᠳᠡᠭᠡᠷ᠎ᠡ᠂ ᠬᠣᠰᠢᠭᠤᠨ᠎ᠤ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ 《ᠲᠥᠰᠦᠯ》᠎ᠤᠨ ᠦᠨᠳᠦᠰᠦᠨ ᠪᠠᠢ᠌ᠳᠠᠯ᠎ᠢ ᠬᠠᠷᠢᠭᠤ ᠮᠡᠳᠡᠭᠦᠯᠦᠭᠰᠡᠨ ᠪᠥᠭᠡᠳ ᠵᠢᠷᠭᠤᠭ᠋ᠠᠨ ᠦᠨᠳᠦᠰᠦᠨ ᠪᠣᠷᠣ ᠲᠥᠯᠥᠪ᠎ᠤᠨ ᠠᠭᠤᠯᠭ᠎ᠠ ᠵᠢ ᠳᠤᠷᠠᠳᠪᠠ ᠃ ᠬᠤᠷᠠᠯ᠎ᠳᠤ ᠣᠷᠣᠯᠴᠠᠭᠰᠠᠨ ᠤᠳᠤᠷᠢᠳᠤᠯᠭ᠎ᠠ᠂ ᠲᠤᠰᠬᠠᠶ ᠮᠡᠷᠭᠡᠵᠢᠯᠲᠡᠨ ᠲᠣᠰ ᠪᠡᠶ᠎ᠡ ᠵᠢᠨ ᠲᠤᠷᠰᠢᠯᠭ᠎ᠠ᠂ ᠮᠠᠩᠬᠠᠨ ᠠᠶᠠᠯᠭᠤ ᠵᠢᠨ ᠬᠥᠭᠵᠢᠯᠲᠡ ᠵᠢᠨ ᠪᠣᠳᠠᠲᠤ ᠪᠠᠢ᠌ᠳᠠᠯ ᠵᠡᠷᠭᠡ ᠲᠠᠯ᠎ᠠ᠎ᠪᠠᠷ ᠢᠳᠡᠪᠬᠢᠲᠡᠶ ᠶᠠᠷᠢᠶ᠎ᠠ ᠲᠠᠯᠪᠢᠵᠤ᠂ 《ᠲᠥᠰᠦᠯ》᠎ᠢ ᠨᠠᠢ᠌ᠷᠠᠭᠤᠯᠤᠨ ᠵᠣᠬᠢᠶᠠᠬᠤ ᠵᠣᠷᠢᠯᠭ᠎ᠠ ᠪᠠ ᠠᠴᠢ ᠬᠣᠯᠪᠣᠭᠳᠠᠯ ᠵᠢᠴᠢ ᠬᠡᠷᠬᠢᠨ ᠳᠡᠯᠭᠡᠷᠡᠭᠦᠯᠦᠨ ᠲᠦᠭᠡᠮᠡᠯᠵᠢᠭᠦᠯᠬᠦ ᠪᠠ ᠰᠢᠨ᠎ᠡ ᠵᠢ ᠡᠭᠦᠳᠦᠨ ᠬᠥᠭᠵᠢᠭᠦᠯᠬᠦ ᠵᠡᠷᠭᠡ ᠡᠷᠬᠢᠮ ᠨᠠᠨᠳᠢᠨ ᠰᠠᠨᠠᠯ ᠵᠶ᠋ᠠᠨ ᠳᠤᠷᠠᠳᠪᠠ᠃
ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠵᠠᠩ ᠶᠠ ᠨᠠᠨ ᠲᠤᠰᠬᠠᠶ ᠮᠡᠷᠭᠡᠵᠢᠯᠲᠡᠳ᠎ᠤᠨ ᠮᠠᠩᠬᠠᠨ ᠠᠶᠠᠯᠭᠤ ᠵᠢᠨ ᠤᠷᠠᠯᠢᠭ᠎ᠤᠨ ᠬᠥᠭᠵᠢᠯᠲᠡ᠎ᠳᠤ ᠦᠵᠡᠭᠦᠯᠦᠭᠰᠡᠨ ᠬᠦᠴᠦᠲᠡᠶ ᠬᠠᠪᠰᠤᠷᠤᠯᠭ᠎ᠠ ᠪᠠ ᠳᠡᠮᠵᠢᠯᠭᠡ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠪᠡ ᠃ ᠡᠭᠦᠨ᠎ᠤ ᠬᠠᠮᠲᠤ᠂ ᠨᠠᠢ᠌ᠷᠠᠭᠤᠯᠤᠨ ᠵᠤᠬᠢᠶᠠᠬᠤ ᠠᠵᠢᠯ᠎ᠤᠨ ᠶᠠᠪᠤᠴᠠ᠎ᠳᠤ᠎ᠬᠢ ᠵᠢᠯᠣᠭᠣᠳᠬᠤ ᠦᠵᠡᠯ ᠰᠠᠨᠠᠭ᠎ᠠ᠎ᠨᠢ ᠲᠤᠲᠤᠷᠬᠠᠢ᠂《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ》 ᠴᠠᠭ ᠦᠶ᠎ᠡ ᠵᠢᠨ ᠭᠣᠣᠯ ᠰᠡᠳᠦᠪ᠎ᠲᠠᠢ ᠰᠠᠢ᠌ᠲᠤᠷ ᠨᠡᠢ᠌ᠴᠡᠵᠦ᠂ ᠤᠯᠠᠮᠵᠢᠯᠠᠯ ᠵᠶ᠋ᠠᠨ ᠪᠠᠷᠢᠮᠲᠠᠯᠠᠨ ᠰᠢᠨ᠎ᠡ ᠵᠢ ᠡᠭᠦᠳᠴᠦ᠂ ᠠᠭᠤᠰᠤᠯᠴᠠᠨ ᠬᠥᠭᠵᠢᠬᠦ ᠵᠢ ᠪᠠᠷᠢᠮᠲᠠᠯᠠᠵᠤ᠂ ᠰᠣᠶᠣᠯ᠎ᠤᠨ ᠣᠨᠴᠠᠯᠢᠭ᠎ᠢ ᠪᠠᠷᠢᠮᠲᠠᠯᠠᠵᠤ᠂ ᠤᠯᠠᠨ ᠡᠰᠢᠴᠢᠯᠡᠨ ᠬᠠᠮᠵᠢᠯᠴᠠᠨ ᠬᠥᠭᠵᠢᠬᠦ ᠵᠢ ᠪᠠᠷᠢᠮᠲᠠᠯᠠᠬᠤ ᠬᠡᠷᠡᠭᠲᠡᠢ ᠃ 《ᠲᠥᠰᠦᠯ》᠎ᠤᠨ ᠬᠠᠷᠠᠯᠲᠠ᠎ᠨᠢ ᠲᠣᠳᠣᠷᠬᠠᠶ᠂ ᠪᠣᠳᠠᠲᠠᠶ᠂ ᠪᠦᠷᠢᠨ ᠪᠦᠲᠦᠨ ᠰᠢᠰᠲ᠋ᠧᠮ᠎ᠢ ᠪᠦᠷᠢᠳᠦᠭᠦᠯᠦᠨ᠂ ᠬᠤᠢ᠌ᠴᠢ ᠵᠢᠨ ᠪᠠᠲᠤᠯᠠᠭ᠎ᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ 《ᠲᠥᠰᠦᠯ》᠎ᠢ ᠣᠲᠣ᠎ᠳᠤ ᠰᠠᠭᠤᠷᠢᠯᠠᠨ ᠢᠷᠡᠭᠡᠳᠦᠶ᠎ᠳᠤ ᠬᠠᠨᠳᠤᠭᠤᠯᠵᠤ᠂ ᠰᠣᠶᠣᠯ᠎ᠢ ᠥᠨᠢ ᠤᠳᠠᠭ᠋ᠠᠨ ᠤᠯᠠᠮᠵᠢᠯᠠᠯ᠎ᠲᠠᠢ ᠪᠣᠯᠭ᠋ᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ ᠃