ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠰᠦᠯᠵᠢᠶᠡᠨ ᠳᠡᠭᠡᠷ᠎ᠡ ᠵᠢᠭ᠋ᠠᠨ ᠰᠤᠷᠭ᠋ᠠᠯᠲᠠ ᠥᠷᠨᠢᠭᠦᠯᠵᠦ᠂ ᠣᠯᠠᠨ ᠲᠦᠮᠡᠨ᠎ᠢ ᠳᠠᠳᠠᠵᠤ 《ᠳᠡᠯᠭᠡᠴᠡ ᠠᠯᠤᠰᠯᠠᠵᠤ》 ᠪᠥᠵᠢᠭ ᠰᠤᠷᠤᠯᠴᠠᠭᠤᠯᠪᠠ
ᠨᠡᠶᠢᠲᠡᠯᠡᠭᠰᠡᠨ ᠴᠠᠭ᠄ 2022-04-10

      ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠤᠭᠰᠠᠨ ᠪᠠᠢ᠌ᠳᠠᠯ ᠳᠣᠣᠷ᠎ᠠ᠂ ᠤᠯᠠᠨ ᠲᠦᠮᠡᠨ᠎ᠤ ᠤᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠬᠠᠩᠭ᠋ᠠᠬᠤ ᠵᠢᠨ ᠲᠦᠯᠦᠭᠡ᠂ 3 ᠳ᠋ᠤᠭ᠋ᠠᠷ ᠰᠠᠷ᠎ᠠ ᠵᠢᠨ 21᠎ᠠᠴᠠ 4 ᠳ᠋ᠣᠭᠡᠷ ᠰᠠᠷ᠎ᠠ ᠵᠢᠨ 2᠎ᠤᠨ ᠡᠳᠦᠷ ᠪᠣᠯᠲᠠᠯ᠎ᠠ᠂ ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠰᠦᠯᠵᠢᠶᠡᠨ ᠳᠡᠭᠡᠷᠡᠬᠢ ᠪᠥᠵᠢᠭ᠎ᠤᠨ ᠵᠢᠭ᠋ᠠᠨ ᠰᠤᠷᠭ᠋ᠠᠯᠲᠠ ᠵᠢᠨ ᠬᠢᠴᠢᠶᠡᠯ ᠨᠡᠭᠡᠭᠡᠵᠦ᠂ ᠰᠦᠯᠵᠢᠶᠡᠨ ᠳᠡᠭᠡᠷ᠎ᠡ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠥᠷᠨᠢᠭᠦᠯᠪᠡ  ᠃

      ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ᠂ ᠤᠯᠠᠭ᠋ᠠᠨᠮᠥ᠋ᠴᠢᠷ᠎ᠤᠨ ᠪᠣᠯᠪᠠᠰᠤᠷᠠᠭᠤᠯᠤᠯ᠎ᠤᠨ ᠬᠠᠪᠰᠤᠷᠤᠨ ᠵᠢᠯᠣᠭᠣᠳᠬᠤ ᠲᠥᠪ᠎ᠤᠨ ᠰᠢᠯᠢᠳᠡᠭ ᠬᠠᠪᠰᠤᠷᠤᠨ ᠵᠢᠯᠣᠭᠣᠳᠣᠭᠴᠢ ᠵᠢ ᠵᠣᠬᠢᠶᠠᠨ ᠪᠠᠢ᠌ᠭᠤᠯᠵᠤ᠂ ᠠᠯᠪᠠᠨ᠎ᠤ ᠸᠢᠴᠠᠲ᠎ᠤᠨ ᠸᠢᠳᠢᠣ᠋ ᠵᠢᠨ ᠨᠣᠮᠧᠷ᠂ ᠲᠢᠭ᠋ ᠲᠤᠭ᠎ᠤᠨ ᠨᠣᠮᠧᠷ ᠵᠡᠷᠭᠡ ᠰᠢᠨ᠎ᠡ ᠵᠠᠭᠤᠴᠢᠯᠠᠭᠤᠷ᠎ᠤᠨ ᠲᠠᠪᠴᠠᠩ᠎ᠢ ᠭᠦᠢᠴᠡᠳ ᠠᠰᠢᠭᠯᠠᠨ᠂ ᠮᠣᠩᠭᠣᠯ ᠦᠨᠳᠦᠰᠦᠲᠡᠨ᠎ᠤ ᠪᠥᠵᠢᠭ 《ᠰᠠᠭ᠋ᠠᠷᠠᠯ ᠮᠣᠷᠢ》᠂ ᠰᠠᠪᠬ᠎ᠠ ᠵᠢᠨ ᠪᠥᠵᠢᠭ 《ᠪᠠᠶᠠᠨ ᠵᠢᠷᠦᠬᠡ ᠠᠭᠤᠯᠠ ᠵᠢᠨ ᠮᠠᠭᠲᠠᠭ᠋ᠠᠯ》᠂ ᠮᠣᠩᠭᠣᠯ ᠦᠨᠳᠦᠰᠦᠲᠡᠨ᠎ᠤ ᠪᠡᠶ᠎ᠡ ᠴᠢᠭᠢᠷᠠᠭᠵᠢᠭᠤᠯᠬᠤ ᠠᠢ᠌ᠵᠠᠮ ᠴᠣᠬᠢᠯᠭ᠎ᠠ ᠵᠢᠨ ᠲᠠᠮᠢᠷ 《ᠬᠠᠷᠢᠭ᠋ᠠᠳ ᠢᠷᠡᠬᠦ ᠵᠢ ᠴᠢᠨᠢ ᠬᠦᠯᠢᠶᠡᠶ᠎ᠡ》 ᠵᠡᠷᠭᠡ ᠰᠢᠨ᠎ᠡ ᠪᠦᠲᠦᠭᠡᠯ᠎ᠢ ᠰᠢᠭᠤᠳ ᠨᠡᠪᠲᠡᠷᠡᠭᠦᠯᠭᠡ᠎ᠪᠠᠷ ᠵᠢᠭ᠋ᠠᠪᠠ᠃ ᠰᠦᠯᠵᠢᠶᠡᠨ ᠳᠡᠭᠡᠷᠡᠬᠢ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ᠎ᠨᠢ ᠪᠥᠵᠢᠭ᠎ᠲᠤ ᠪᠠᠬᠠᠲᠠᠶ ᠪᠥᠭᠡᠳ ᠠᠮᠢᠳᠤᠷᠠᠯ᠎ᠤᠨ ᠳᠤᠮᠳᠠ ᠲᠤᠰᠬᠠᠶ ᠮᠡᠷᠭᠡᠵᠢᠯ᠎ᠤᠨ ᠵᠢᠯᠣᠭᠣᠳᠣᠯᠭ᠎ᠠ ᠳᠤᠳᠠᠵᠤ ᠪᠠᠢ᠌ᠭ᠎ᠠ ᠣᠯᠠᠨ ᠲᠦᠮᠡᠨ᠎ᠳᠤ ᠰᠤᠷᠤᠯᠴᠠᠬᠤ ᠲᠠᠪᠴᠠᠩ ᠬᠠᠩᠭ᠋ᠠᠭᠰᠠᠨ ᠪᠠᠢ᠌ᠨ᠎ᠠ᠃ ᠰᠢᠭᠤᠳ ᠨᠡᠪᠲᠡᠷᠡᠭᠦᠯᠭᠡ ᠵᠢᠨ ᠰᠢᠨ᠎ᠡ ᠰᠡᠪᠡᠬᠦᠨ ᠵᠢᠭ᠋ᠠᠨ ᠰᠤᠷᠭ᠋ᠠᠯᠲᠠ ᠵᠢᠨ ᠬᠡᠯᠪᠡᠷᠢ᠎ᠨᠢ ᠲᠦᠮᠡ ᠰᠢᠬᠠᠮ ᠪᠥᠵᠢᠭ᠎ᠤᠨ ᠪᠠᠬᠠᠳᠠᠳ᠎ᠤᠨ ᠰᠣᠨᠢᠷᠬᠠᠯ᠎ᠢ ᠲᠠᠲᠠᠵᠤ᠂ ᠲᠡᠳᠡᠨ᠎ᠲᠠᠢ ᠰᠦᠯᠵᠢᠶᠡᠨ ᠳᠡᠭᠡᠷ᠎ᠡ ᠰᠠᠨᠠᠯ ᠵᠶ᠋ᠠᠨ ᠰᠣᠯᠢᠯᠴᠠᠵᠤ᠂ ᠴᠠᠭ ᠲᠤᠬᠠᠢ᠎ᠳᠤ᠎ᠨᠢ ᠲᠠᠢ᠌ᠯᠪᠤᠷᠢᠯᠠᠨ᠂ ᠬᠠᠯᠠᠭᠤᠨ ᠬᠦᠷᠢᠶᠡᠯᠡᠯ᠎ᠢ᠎ᠨᠢ ᠣᠯᠵᠠᠢ᠃ ᠰᠢᠭᠤᠳ ᠨᠡᠪᠲᠡᠷᠡᠭᠦᠯᠭᠡ ᠳᠠᠭᠤᠰᠤᠭᠰᠠᠨ᠎ᠤ ᠳᠠᠷᠠᠭ᠎ᠠ ᠪᠠᠰᠠ ᠪᠥᠵᠢᠭ᠎ᠤᠨ ᠰᠤᠷᠤᠯᠴᠠᠯᠭ᠎ᠠ ᠰᠣᠯᠢᠯᠴᠠᠭ᠋ᠠᠨ᠎ᠤ ᠴᠤᠭᠯᠠᠷᠠᠯ᠎ᠢ ᠪᠠᠢ᠌ᠭᠤᠯᠵᠤ᠂ ᠳᠠᠭᠤᠤ ᠬᠥᠭᠵᠢᠮ ᠪᠠ ᠵᠢᠭ᠋ᠠᠨ ᠰᠤᠷᠭ᠋ᠠᠯᠲᠠ ᠵᠢᠨ ᠸᠢᠳᠢᠣ᠋ ᠵᠢ ᠬᠤᠪᠢᠶᠠᠯᠴᠠᠵᠤ᠂ ᠰᠤᠷᠤᠯᠴᠠᠯᠭ᠎ᠠ ᠵᠢᠨ ᠦᠷ᠎ᠡ ᠪᠦᠲᠦᠭᠡᠯ ᠵᠶ᠋ᠡᠨ ᠪᠡᠬᠢᠵᠢᠭᠦᠯᠪᠡ᠃
      ᠲᠠᠷᠠᠭ᠋ᠠᠴᠢ ᠵᠢᠨ ᠠᠯᠬᠤᠮ᠎ᠳᠤ᠂ ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠡᠭᠦᠷᠭᠡ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ 《ᠬᠤᠪᠢᠰᠬᠠᠯᠲᠤ ᠤᠳᠬ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ》᠎ᠤᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢᠯᠡᠳᠦᠯ᠎ᠢ ᠪᠠᠳᠠᠷᠠᠭᠤᠯᠵᠤ᠂ ᠣᠯᠠᠨ ᠲᠦᠮᠡᠨ᠎ᠤ ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠣᠯᠭ᠋ᠠᠵᠤ᠂ ᠨᠠᠩ ᠣᠯᠠᠨ ᠦᠵᠡᠵᠦ ᠰᠣᠨᠢᠷᠬᠠᠬᠤ ᠳᠤᠷᠠᠲᠠᠶ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠵᠢᠭ᠋ᠠᠨ ᠰᠤᠷᠭ᠋ᠠᠯᠲᠠ ᠵᠢᠨ ᠬᠡᠯᠪᠡᠷᠢ᠎ᠪᠠᠨ ᠰᠢᠨᠡᠴᠢᠯᠡᠵᠦ᠂ ᠨᠠᠩ ᠰᠢᠯᠢᠳᠡᠭ ᠦᠢᠯᠡᠴᠢᠯᠡᠭᠡ᠎ᠪᠠᠷ ᠥᠷᠭᠡᠨ ᠣᠯᠠᠨ ᠲᠦᠮᠡᠨ᠎ᠤ ᠣᠶᠤᠨ ᠰᠠᠨᠠᠭ᠎ᠠ ᠰᠣᠶᠣᠯ᠎ᠤᠨ ᠠᠮᠢᠳᠤᠷᠠᠯ᠎ᠢ ᠦᠷᠭᠦᠯᠵᠢᠯᠡᠨ ᠪᠠᠶᠠᠯᠢᠭᠵᠢᠭᠤᠯᠤᠨ᠎ᠠ᠃  

ᠢᠷᠡᠯᠲᠡ᠄ ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ
          
ᠬᠠᠮᠢᠶ᠎ᠡ ᠪᠦᠬᠦᠢ ᠰᠣᠨᠢᠨ
ᠠᠪᠠᠭ᠎ᠠ ᠬᠣᠰᠢᠭᠤᠨ᠎ᠤ ᠤᠯᠠᠭ᠋ᠠᠨᠮᠥ᠋ᠴᠢᠷ 《ᠦᠨᠳᠦᠰᠦᠨ ᠱᠠᠲᠤᠨ᠎ᠤ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠲᠡᠷᠢᠭᠦᠨ᠎ᠤ ᠬᠠᠮᠲᠤ ᠨᠢᠭᠡᠴᠢ》 ᠵᠢᠨ ᠢᠷᠠᠭᠤ ᠠᠯᠳᠠᠷ᠎ᠢ ᠬᠦᠷᠲᠡᠪᠡ
ᠤᠳᠠ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠲᠤᠰᠬᠠᠶ ᠪᠠᠢ᠌ᠴᠠᠭ᠋ᠠᠯᠲᠠ ᠵᠢᠨ ᠠᠵᠢᠯᠯᠠᠭ᠎ᠠ ᠥᠷᠨᠢᠭᠦᠯᠪᠡ
ᠤᠯᠠᠭ᠋ᠠᠨᠴᠠᠪ ᠬᠣᠲᠠ ᠵᠢᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠲᠣᠪᠴᠢᠶ᠎ᠠ ᠠᠶᠤᠯ ᠦᠭᠡᠢ ᠦᠢᠯᠡᠳᠪᠦᠷᠢᠯᠡᠯ᠎ᠤᠨ ᠬᠢᠨᠠᠨ ᠵᠢᠯᠣᠭᠣᠳᠴᠤ ᠪᠠᠢ᠌ᠴᠠᠭ᠋ᠠᠬᠤ ᠠᠵᠢᠯ᠎ᠤᠨ ᠪᠠᠢ᠌ᠷᠢᠯᠠᠭᠤᠯᠤᠯᠲᠠ ᠵᠢᠨ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ ᠠᠷᠠᠳ᠎ᠤᠨ ᠰᠠᠭᠤᠴᠠ ᠵᠢᠨ ᠪᠠᠭᠤᠳᠠᠯ᠎ᠤᠨ ᠪᠦᠯᠦᠭᠯᠡᠯ᠎ᠤᠨ ᠲᠥᠷᠥᠯ ᠵᠦᠢᠯ᠎ᠤᠨ ᠠᠵᠢᠯ ᠡᠬᠢᠯᠡᠪᠡ
2022 ᠣᠨ᠎ᠤ ᠬᠥᠬᠡᠬᠣᠲᠠ ᠵᠢᠨ ᠬᠠᠩᠰᠢ ᠵᠢᠨ ᠠᠮᠠᠷᠠᠯᠲᠠ ᠵᠢᠨ ᠵᠢᠭᠤᠯᠴᠢᠯᠠᠯ᠎ᠤᠨ ᠦᠢᠯᠡᠰ᠎ᠤᠨ ᠲᠣᠭ᠎ᠠ ᠪᠠᠷᠢᠮᠲᠠ
 
            