ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠲᠣᠭ᠎ᠤᠨ ᠡᠮᠦᠨᠡᠲᠦ ᠬᠣᠰᠢᠭᠤ ᠣᠷᠳᠣ ᠴᠠᠭ᠋ᠠᠨ ᠬᠡᠷᠡᠮ᠎ᠤᠨ ᠬᠡᠰᠡᠭ᠎ᠤᠨ ᠪᠠᠢ᠌ᠩᠭᠤ ᠵᠢᠨ ᠬᠠᠮᠠᠭ᠋ᠠᠯᠠᠯᠲᠠ ᠵᠢᠨ ᠠᠵᠢᠯ᠎ᠢ ᠬᠡᠪᠰᠢᠭᠦᠯᠦᠨ ᠥᠷᠨᠢᠭᠦᠯᠵᠦ ᠪᠣᠶ
ᠨᠡᠶᠢᠲᠡᠯᠡᠭᠰᠡᠨ ᠴᠠᠭ᠄ 2022-03-30

      ᠣᠷᠳᠣ ᠴᠠᠭ᠋ᠠᠨ ᠬᠡᠷᠡᠮ᠎ᠤᠨ ᠪᠠᠭᠤᠷᠢ ᠵᠢᠨ ᠬᠠᠮᠠᠭ᠋ᠠᠯᠠᠯᠲᠠ ᠵᠢ ᠦᠨᠡᠨ ᠬᠦ᠌ ᠴᠢᠩᠭ᠋ᠠᠳᠬᠠᠬᠤ ᠵᠢᠨ ᠲᠥᠯᠥᠭᠡ᠂ ᠣᠢ᠌ᠷ᠎ᠠ᠎ᠳᠤ᠂ ᠣᠲᠣᠭ᠎ᠤᠨ ᠡᠮᠦᠨᠡᠲᠦ ᠬᠣᠰᠢᠭᠤᠨ᠎ᠤ ᠰᠣᠶᠣᠯ ᠦᠵᠡᠰᠬᠦᠯᠡᠩ᠎ᠤᠨ ᠰᠤᠳᠤᠯᠭ᠋ᠠᠨ᠎ᠤ ᠬᠦᠷᠢᠶᠡᠯᠡᠩ ᠲᠤᠰᠬᠠᠶ ᠬᠥᠮᠦᠨ ᠵᠣᠬᠢᠶᠠᠨ ᠪᠠᠢ᠌ᠭᠤᠯᠵᠤ ᠬᠠᠷᠢᠶᠠᠲᠤ ᠣᠷᠣᠨ᠎ᠤ ᠳᠣᠲᠣᠷᠠᠬᠢ ᠣᠷᠳᠣ ᠴᠠᠭ᠋ᠠᠨ ᠬᠡᠷᠡᠮ᠎ᠤᠨ ᠬᠡᠰᠡᠭ᠎ᠢ ᠪᠠᠢ᠌ᠩᠭᠤᠵᠢᠭᠤᠯᠤᠨ ᠬᠠᠮᠠᠭ᠋ᠠᠯᠠᠬᠤ ᠠᠵᠢᠯ᠎ᠢ ᠨᠠᠢ᠌ᠲᠠᠪᠤᠷᠢᠵᠢᠭᠤᠯᠪᠠ  ᠃
      ᠨᠢᠭᠡ᠎ᠳᠤ᠂ ᠬᠠᠮᠠᠭ᠋ᠠᠯᠠᠯᠲᠠ ᠵᠢᠨ ᠬᠥᠰᠢᠶ᠎ᠡ ᠵᠢ ᠰᠡᠯᠪᠢᠨ ᠵᠠᠰᠠᠨ᠎ᠠ᠃ ᠪᠠᠯᠠᠷᠠᠭᠰᠠᠨ ᠦᠰᠦᠭ᠎ᠢ ᠤᠯᠠᠭ᠋ᠠᠨ   ᠪᠢᠷ ᠵᠶ᠋ᠠᠷ ᠨᠦᠭᠦᠨ᠂ ᠬᠥᠰᠢᠶᠡᠨ᠎ᠤ ᠡᠪᠳᠡᠷᠡᠭᠰᠡᠨ ᠬᠡᠰᠡᠭ᠎ᠢ ᠵᠠᠰᠠᠵᠤ᠂ ᠤᠷᠲᠤ ᠴᠠᠭ᠋ᠠᠨ ᠬᠡᠷᠡᠮ᠎ᠤᠨ《ᠪᠡᠶ᠎ᠡ ᠵᠢᠨ ᠭᠠᠷᠤᠯ᠎ᠤᠨ ᠲᠡᠮᠳᠡᠭ》᠎ᠢ ᠲᠣᠳᠣᠷᠬᠠᠢ᠌ᠯᠠᠵᠤ᠂ ᠤᠷᠲᠤ ᠴᠠᠭ᠋ᠠᠨ ᠬᠡᠷᠡᠮ᠎ᠤᠨ ᠦᠨᠳᠦᠰᠦᠨ ᠪᠠᠢ᠌ᠳᠠᠯ᠂ ᠦᠨ᠎ᠡ ᠥᠷᠲᠡᠭ ᠵᠢᠴᠢ ᠬᠡᠪᠴᠢᠶ᠎ᠡ ᠵᠢ ᠣᠯᠠᠨ ᠲᠦᠮᠡᠨ᠎ᠳᠤ ᠢᠯᠡ ᠲᠣᠳᠣ ᠣᠢ᠌ᠯᠠᠭ᠋ᠠᠭᠤᠯᠵᠤ᠂ ᠤᠷᠲᠤ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠠᠵᠢᠯ᠎ᠳᠤ ᠢᠳᠡᠪᠬᠢᠲᠡᠶ ᠤᠷᠤᠯᠴᠠᠬᠤ ᠪᠠ ᠲᠡᠮᠵᠢᠨ᠎ᠡ᠃ ᠡᠭᠦᠨ᠎ᠤ ᠬᠠᠮᠲᠤ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠵᠦ᠂ ᠵᠢᠭᠤᠯᠴᠢᠯᠠᠯ᠎ᠤᠨ ᠦᠨ᠎ᠡ ᠥᠷᠲᠡᠭ᠎ᠢ ᠳᠡᠭᠡᠭᠰᠢᠯᠡᠭᠦᠯᠦᠨ᠎ᠡ  ᠃ ᠬᠣᠶᠠᠷ᠎ᠲᠤ᠂ ᠰᠡᠷᠡᠮᠵᠢᠯᠡᠭᠦᠯᠬᠦ ᠤᠷᠢᠶ᠎ᠠ ᠵᠢᠨ ᠫᠠᠢ᠌ᠰᠠ ᠪᠤᠰᠬᠠᠨ᠎ᠠ᠃ ᠳᠤᠷ᠎ᠠ᠎ᠪᠠᠷ ᠵᠶ᠋ᠠᠨ ᠮᠠᠴᠤᠬᠤ᠂ ᠭᠢᠰᠬᠢᠯᠡᠬᠦ᠂ ᠮᠠᠯᠵᠢᠬᠤ᠂ ᠬᠣᠲᠠ ᠵᠢᠨ ᠬᠡᠷᠡᠮ ᠰᠢᠷᠣᠶ ᠵᠢ ᠮᠠᠯᠲᠠᠬᠤ ᠵᠡᠷᠭᠡ ᠰᠠᠮᠠᠭᠤᠨ ᠪᠠᠢ᠌ᠳᠠᠯ᠎ᠳᠤ ᠴᠢᠭᠯᠡᠭᠦᠯᠦᠨ᠂ ᠣᠲᠣᠭ᠎ᠤᠨ ᠡᠮᠦᠨᠡᠲᠦ ᠬᠣᠰᠢᠭᠤᠨ᠎ᠤ ᠰᠣᠶᠣᠯ᠎ᠤᠨ ᠮᠦᠽᠧᠶ ᠵᠢᠨ᠎ᠬᠢᠨ 150 ᠰᠡᠷᠡᠮᠵᠢᠯᠡᠭᠦᠯᠬᠦ ᠤᠷᠢᠶ᠎ᠠ ᠵᠢᠨ ᠫᠠᠢ᠌ᠰᠠ ᠪᠤᠰᠬᠠᠵᠤ᠂ ᠥᠷᠭᠡᠨ ᠣᠯᠠᠨ ᠲᠦᠮᠡᠨ᠎ᠤ ᠣᠷᠳᠣ ᠴᠠᠭ᠋ᠠᠨ ᠬᠡᠷᠡᠮ᠎ᠢ ᠬᠠᠮᠠᠭ᠋ᠠᠯᠠᠬᠤ ᠤᠬᠠᠮᠰᠠᠷ᠎ᠢ ᠤᠯᠠᠮ ᠨᠢᠭᠡ ᠠᠯᠬᠤᠮ   ᠲᠡᠭᠡᠭᠰᠢᠯᠡᠭᠦᠯᠦᠨ᠎ᠡ᠃ ᠭᠤᠷᠪᠠ᠎ᠳᠤ᠂ ᠬᠥᠮᠦᠨ ᠵᠶ᠋ᠡᠷ ᠰᠡᠷᠭᠡᠢ᠌ᠯᠡᠬᠦ ᠮᠡᠷᠭᠡᠵᠢᠯ ᠵᠶ᠋ᠡᠷ ᠰᠡᠷᠭᠡᠢ᠌ᠯᠡᠬᠦ ᠵᠢ ᠴᠢᠩᠭ᠋ᠠᠳᠬᠠᠨ᠎ᠠ᠃ ᠨᠢᠭᠡ ᠲᠠᠯ᠎ᠠ᠎ᠪᠠᠷ ᠲᠤᠬᠠᠶ ᠵᠢᠨ ᠭᠠᠵᠠᠷ᠎ᠤᠨ ᠲᠠᠷᠢᠶᠠᠴᠢᠨ ᠮᠠᠯᠴᠢᠳ᠎ᠢ ᠤᠷᠢᠨ ᠬᠡᠷᠡᠭᠯᠡᠵᠦ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠭᠴᠢ ᠪᠣᠯᠭ᠋ᠠᠵᠤ᠂ ᠭᠠᠷᠠᠭ ᠪᠦᠷᠢ ᠠᠳᠠᠭ᠎ᠲᠤ᠎ᠪᠠᠨ ᠬᠣᠶᠠᠷ ᠤᠳᠠᠭ᠎ᠠ ᠲᠤᠬᠠᠶ ᠵᠢᠨ ᠭᠠᠵᠠᠷ᠎ᠲᠤ᠎ᠨᠢ ᠲᠣᠭᠣᠷᠢᠨ ᠪᠠᠢ᠌ᠴᠠᠭ᠋ᠠᠯᠲᠠ ᠬᠢᠵᠦ᠂ ᠠᠰᠠᠭᠤᠳᠠᠯ ᠪᠠᠢ᠌ᠬᠤ ᠵᠢ ᠣᠯᠵᠤ ᠮᠡᠳᠡᠪᠡᠯ ᠴᠠᠭ ᠲᠤᠬᠠᠶ᠎ᠳᠤ᠎ᠨᠢ ᠳᠡᠭᠡᠭᠰᠢ ᠮᠡᠳᠡᠭᠦᠯᠵᠦ ᠳᠠᠷᠤᠢ᠌ᠬᠠᠨ ᠴᠡᠭᠴᠡᠯᠡᠨ ᠰᠠᠢ᠌ᠵᠢᠷᠠᠭᠤᠯᠬᠤ ᠬᠡᠷᠡᠭᠲᠡᠶ᠃ ᠨᠥᠭᠥᠭᠡ ᠲᠠᠯ᠎ᠠ᠎ᠪᠠᠷ ᠵᠢᠯᠣᠭᠣᠴᠢ ᠥᠬᠡᠶ ᠨᠢᠰᠬᠡᠯ ᠵᠶ᠋ᠡᠷ ᠣᠷᠳᠣ ᠴᠠᠭ᠋ᠠᠨ ᠬᠡᠷᠡᠮ᠎ᠢ ᠪᠥᠬᠥ ᠲᠠᠯ᠎ᠠ᠎ᠪᠠᠷ ᠰᠡᠭᠦᠳᠡᠷᠯᠡᠨ ᠪᠠᠢ᠌ᠴᠠᠭ᠋ᠠᠵᠤ᠂ ᠣᠷᠳᠣ ᠴᠠᠭ᠋ᠠᠨ ᠬᠡᠷᠡᠮ᠎ᠤᠨ ᠡᠪᠳᠡᠭᠳᠡᠭᠰᠡᠨ ᠪᠠᠢ᠌ᠳᠠᠯ᠎ᠢ ᠨᠠᠩ ᠥᠨᠳᠥᠷ ᠪᠦᠲᠦᠮᠵᠢᠲᠡᠶ᠂ ᠣᠨᠣᠪᠴᠢᠲᠠᠶ᠎ᠪᠠᠷ ᠢᠯᠭ᠋ᠠᠨ ᠲᠠᠨᠢᠵᠤ᠂ ᠥᠷᠭᠡᠨ ᠬᠠᠷᠠᠭ᠋ᠠᠰᠤ᠎ᠠᠴᠠ ᠣᠷᠳᠣ ᠴᠠᠭ᠋ᠠᠨ ᠬᠡᠷᠡᠮ᠎ᠤᠨ ᠪᠥᠬᠥ ᠦᠵᠡᠮᠵᠢ ᠵᠢ ᠬᠢᠨᠠᠨ ᠰᠢᠨᠵᠢᠵᠦ᠂ ᠬᠢᠨᠠᠨ ᠰᠢᠨᠵᠢᠬᠦ ᠪᠠ ᠬᠠᠮᠠᠭ᠋ᠠᠯᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠎ᠡ᠃
      ᠣᠲᠣᠭ᠎ᠤᠨ ᠡᠮᠦᠨᠡᠲᠦ ᠬᠣᠰᠢᠭᠤᠨ᠎ᠤ ᠣᠷᠳᠣ ᠴᠠᠭ᠋ᠠᠨ ᠬᠡᠷᠡᠮ᠎ᠤᠨ ᠡᠬᠢ ᠪᠠᠶᠠᠯᠢᠭ ᠡᠯᠪᠡᠭ᠂ ᠮᠢᠩ ᠤᠯᠤᠰ᠎ᠤᠨ ᠣᠷᠳᠣ ᠴᠠᠭ᠋ᠠᠨ ᠬᠡᠷᠡᠮ 82 . 5319 ᠺᠢᠯᠣᠮᠧᠲᠷ᠂ ᠰᠦᠶ ᠤᠯᠤᠰ᠎ᠤᠨ ᠣᠷᠳᠣ ᠴᠠᠭ᠋ᠠᠨ ᠬᠡᠷᠡᠮ 12 . 288 ᠺᠢᠯᠣᠮᠧᠲᠷ ᠪᠠᠢ᠌ᠳᠠᠭ᠃ ᠣᠲᠣᠭ᠎ᠤᠨ ᠡᠮᠦᠨᠡᠲᠦ ᠬᠣᠰᠢᠭᠤ ᠲᠡᠦᠬᠡᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠠᠵᠢᠯ᠎ᠢ ᠶᠡᠷᠦ᠎ᠠᠴᠠ ᠴᠢᠬᠤᠯᠠᠴᠢᠯᠠᠵᠤ᠂《ᠬᠠᠮᠠᠭ᠋ᠠᠯᠠᠬᠤ᠎ᠪᠠᠷ ᠭᠣᠤᠯ ᠪᠣᠯᠭ᠋ᠠᠬᠤ᠂ ᠠᠪᠤᠷᠬᠠᠤ ᠵᠢ ᠲᠡᠷᠢᠭᠦᠨ᠎ᠳᠤ ᠲᠠᠯᠪᠢᠬᠤ᠂ ᠵᠦᠶ ᠵᠣᠬᠢᠰᠲᠠᠶ ᠠᠰᠢᠭᠯᠠᠬᠤ᠂ ᠬᠠᠮᠢᠶᠠᠷᠤᠯᠲᠠ᠎ᠪᠠᠨ ᠴᠢᠩᠭ᠋ᠠᠳᠬᠠᠬᠤ》ᠴᠢᠭᠯᠡᠯᠲᠡ ᠵᠢ ᠪᠠᠷᠢᠮᠲᠠᠯᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠲᠡᠦᠬᠡᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠷᠢᠶᠠᠲᠤ ᠣᠷᠣᠨ᠎ᠤ ᠳᠣᠲᠣᠷᠠᠬᠢ ᠣᠷᠳᠣ ᠴᠠᠭ᠋ᠠᠨ ᠬᠡᠷᠡᠮ᠎ᠢ ᠠᠪᠤᠷᠬᠠᠤ᠂ ᠬᠠᠮᠠᠭ᠋ᠠᠯᠠᠬᠤ᠂ ᠤᠬᠠᠭᠤᠯᠬᠤ ᠵᠡᠷᠭᠡ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠤᠰᠤᠨ ᠳᠤᠰᠤᠯ ᠴᠢᠯᠠᠭᠤ ᠵᠢ ᠴᠤᠭᠤᠯᠬᠤ᠂ ᠤᠳᠠᠭ᠋ᠠᠨ ᠳᠠᠭ᠋ᠠᠭ᠋ᠠᠮᠠᠭ᠋ᠠᠶ᠎ᠪᠠᠷ ᠵᠢᠳᠬᠦᠨ ᠴᠢᠷᠮᠠᠢ᠌ᠵᠤ᠂ ᠣᠷᠳᠣ ᠴᠠᠭ᠋ᠠᠨ ᠬᠡᠷᠡᠮ᠎ᠤᠨ ᠬᠠᠮᠠᠭ᠋ᠠᠯᠠᠯᠲᠠ ᠵᠢᠨ ᠠᠵᠢᠯ᠎ᠢ ᠪᠠᠢ᠌ᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠪᠣᠯᠭ᠋ᠠᠬᠤ ᠵᠢ ᠠᠬᠢᠭᠤᠯᠪᠠ᠃  

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠵᠡᠭᠦᠨᠭ᠋ᠠᠷ ᠬᠣᠰᠢᠭᠤ 《ᠮᠠᠩᠬᠠᠨ ᠠᠶᠠᠯᠭᠤ ᠵᠢ ᠬᠠᠮᠠᠭ᠋ᠠᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠬᠤ ᠠᠵᠢᠯ᠎ᠤᠨ ᠲᠥᠰᠦᠯ》᠎ᠢ ᠨᠠᠢ᠌ᠷᠠᠭᠤᠯᠤᠨ ᠵᠣᠬᠢᠶᠠᠬᠤ ᠠᠵᠢᠯ᠎ᠤᠨ ᠰᠠᠭᠤᠳᠠᠯ ᠎ᠤᠨ ᠬᠤᠷᠠᠯ ᠬᠤᠷᠠᠯᠳᠤᠭᠤᠯᠪᠠ
ᠪᠤᠭᠤᠲᠤ ᠬᠣᠲᠠ ᠵᠢᠨ ᠨᠣᠮ᠎ᠤᠨ ᠰᠠᠩ᠎ᠠᠴᠠ ᠪᠤᠭᠤᠲᠤ ᠬᠣᠲᠠ ᠵᠢᠨ ᠬᠣᠩ ᠴᠠᠩ ᠰᠤᠷᠭ᠋ᠠᠭᠤᠯᠢ᠎ᠳᠤ 2300 ᠳᠡᠪᠲᠡᠷ ᠨᠣᠮ ᠰᠡᠳᠬᠦᠯ ᠬᠠᠨᠳᠢᠪᠯᠠᠪᠠ
ᠤᠯᠠᠭ᠋ᠠᠨᠬᠠᠳᠠ ᠬᠣᠲᠠ ᠵᠢᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠮᠸᠩ ᠰᠢᠶᠤᠤ ᠪᠢᠩ ᠬᠠᠷᠠᠴᠢᠨ ᠬᠣᠰᠢᠭᠤᠨ᠎ᠳᠤ ᠬᠦᠷᠴᠦ ᠪᠥᠬᠥ ᠤᠷᠤᠨ ᠪᠦᠰᠡ ᠵᠢᠨ ᠵᠢᠭᠤᠯᠴᠢᠯᠠᠯ᠎ᠤᠨ ᠬᠥᠭᠵᠢᠯᠲᠡ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠪᠠ
ᠬᠥᠯᠥᠨ ᠪᠣᠢ᠌ᠷ ᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠵᠢᠯ ᠵᠢᠴᠢ《ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠵᠤ ᠰᠤᠷᠲᠠᠯ ᠵᠶ᠋ᠠᠨ ᠴᠢᠩᠭ᠋ᠠᠳᠬᠠᠨ ᠣᠷᠴᠢᠨ ᠲᠣᠭᠣᠷᠢᠨ᠎ᠢ ᠰᠢᠯᠢᠳᠡᠭᠵᠢᠭᠦᠯᠵᠦ ᠪᠤᠲᠠᠲᠠᠢ᠌ᠵᠢᠭᠤᠯᠬᠤ ᠵᠢ ᠴᠢᠬᠤᠯᠠᠴᠢᠯᠠᠨ ᠳᠦᠷᠢ ᠲᠥᠷᠬᠦ ᠵᠢ ᠪᠣᠶ ᠪᠣᠯᠭ᠋ᠠᠬᠤ》 ᠰᠤᠷᠤᠯᠴᠠᠯᠭ᠎ᠠ ᠦᠢᠯᠡᠳᠦᠯᠭᠡ ᠵᠢᠨ ᠠᠵᠢᠯᠯᠠᠭ᠎ᠠ ᠵᠢᠨ ᠳᠠᠢ᠌ᠴᠢᠯᠠᠯᠲᠠ ᠵᠢᠨ ᠬᠤᠷᠠᠯ ᠬᠤᠷᠠᠯᠳᠤᠪᠠ
ᠬᠢᠩᠭ᠋ᠠᠨ ᠠᠢ᠌ᠮᠠᠭ᠎ᠤᠨ ᠤᠯᠠᠭ᠋ᠠᠨᠮᠥ᠋ᠴᠢᠷ ᠰᠦᠯᠵᠢᠶᠡᠨ ᠳᠡᠭᠡᠷ᠎ᠡ ᠵᠢᠭ᠋ᠠᠨ ᠰᠤᠷᠭ᠋ᠠᠯᠲᠠ ᠥᠷᠨᠢᠭᠦᠯᠵᠦ᠂ ᠣᠯᠠᠨ ᠲᠦᠮᠡᠨ᠎ᠢ ᠳᠠᠳᠠᠵᠤ 《ᠳᠡᠯᠭᠡᠴᠡ ᠠᠯᠤᠰᠯᠠᠵᠤ》 ᠪᠥᠵᠢᠭ ᠰᠤᠷᠤᠯᠴᠠᠭᠤᠯᠪᠠ
 
            