ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ ᠬᠣᠲᠠ ᠵᠢᠨ ᠠᠷᠠᠳ᠎ᠤᠨ ᠰᠠᠭᠤᠴᠠ ᠵᠢᠨ ᠪᠠᠭᠤᠳᠠᠯ᠎ᠤᠨ ᠪᠦᠯᠦᠭᠯᠡᠯ᠎ᠤᠨ ᠲᠥᠷᠥᠯ ᠵᠦᠢᠯ᠎ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄ 2022-04-22

     4 ᠳ᠋ᠦ᠍ᠭᠡᠷ ᠰᠠᠷ᠎ᠠ ᠵᠢᠨ 15᠎ᠤ ᠡᠳᠦᠷ᠂ 2022 ᠣᠨ᠎ᠤ ᠬᠢᠶ᠎ᠠ ᠪᠠᠭᠰᠢ ᠲᠣᠭᠣᠷᠢᠭ᠎ᠤᠨ ᠰᠣᠶᠣᠯ ᠵᠢᠭᠤᠯᠴᠢᠯᠠᠯ᠎ᠤᠨ ᠭᠣᠤᠯᠳᠠᠯᠭ᠎ᠠ᠎ᠲᠠᠢ ᠪᠥᠲᠥᠭᠡᠨ ᠪᠠᠢ᠌ᠭᠤᠯᠤᠯᠲᠠ ᠵᠢᠨ ᠲᠥᠷᠥᠯ ᠵᠦᠢᠯ — ᠶᠦᠨ ᠳ᠋ᠢᠩ ᠠᠷᠠᠳ᠎ᠤᠨ ᠰᠠᠭᠤᠴᠠ ᠵᠢᠨ ᠪᠠᠭᠤᠳᠠᠯ᠎ᠤᠨ ᠪᠦᠯᠦᠭᠯᠡᠯ᠎ᠤᠨ ᠲᠥᠷᠥᠯ ᠵᠦᠢᠯ᠎ᠤᠨ ᠠᠵᠢᠯ ᠡᠬᠢᠯᠡᠬᠦ ᠶᠣᠰᠣᠯᠠᠯ ᠲᠠᠯ᠎ᠠ ᠨᠤᠲᠤᠭ᠎ᠤᠨ ᠲᠣᠷᠭ᠋ᠠᠨ ᠵᠠᠮ᠎ᠤᠨ ᠰᠣᠶᠣᠯ᠎ᠤᠨ ᠦᠵᠡᠮᠵᠢ ᠵᠢᠨ ᠣᠷᠣᠨ — ᠺᠠᠩ ᠵᠧᠨ᠎ᠳᠤ ᠶᠠᠪᠤᠭᠳᠠᠪᠠ᠂ ᠬᠢᠶ᠎ᠠ ᠪᠠᠭᠰᠢ ᠲᠣᠭᠣᠷᠢᠭ᠎ᠤᠨ ᠨᠠᠮ᠎ᠤᠨ ᠬᠣᠷᠢᠶᠠᠨ᠎ᠤ ᠪᠠᠢ᠌ᠩᠭᠤ ᠵᠢᠨ ᠭᠡᠰᠢᠭᠦᠨ᠂ ᠲᠣᠭᠣᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠲᠣᠭᠣᠷᠢᠭ᠎ᠤᠨ ᠳᠡᠳ᠋ ᠳᠠᠷᠤᠭ᠎ᠠ ᠸᠠᠩ ᠵᠢᠶᠤᠤ᠂ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠰᠦ᠍ ᠶᠦᠩ ᠬᠤᠸᠠ᠂ ᠬᠢᠶ᠎ᠠ ᠪᠠᠭᠰᠢ ᠲᠣᠭᠣᠷᠢᠭ᠎ᠤᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠪᠠᠶ ᠢᠦᠢ ᠯᠦᠩ ᠵᠢᠴᠢ ᠣᠷᠳᠣᠰ ᠬᠣᠲᠠ ᠵᠢᠨ ᠹᠸᠩ ᠮᠧᠶ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ ᠰᠢᠤᠢ ᠹᠸᠩ ᠴᠥ᠋ ᠨᠡᠷ ᠶᠣᠰᠣᠯᠠᠯ᠎ᠳᠤ ᠣᠷᠣᠯᠴᠠᠪᠠ  ᠃
      ᠹᠸᠩ ᠮᠧᠶ ᠺᠠᠩ ᠵᠸᠨ᠂ ᠶᠦᠨ ᠳ᠋ᠢᠩ ᠠᠷᠠᠳ᠎ᠤᠨ ᠰᠠᠭᠤᠴᠠ ᠵᠢᠨ ᠪᠠᠭᠤᠳᠠᠯ᠎ᠤᠨ ᠪᠦᠯᠦᠭᠯᠡᠯ᠎ᠤᠨ ᠲᠥᠷᠥᠯ ᠵᠦᠢᠯ ᠪᠣᠯ ᠣᠷᠳᠣᠰ ᠬᠣᠲᠠ ᠵᠢᠨ ᠹᠸᠩ ᠮᠧᠶ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠬᠢᠵᠠᠭ᠋ᠠᠷᠲᠤ ᠺᠣᠮᠫᠠᠨᠢ ᠵᠢᠨ ᠬᠦᠴᠦᠯᠡᠨ ᠪᠠᠢ᠌ᠭᠤᠯᠵᠤ ᠨᠡᠭᠡᠭᠡᠨ ᠬᠥᠭᠵᠢᠭᠦᠯᠦᠭᠰᠡᠨ ᠺᠠᠩ ᠵᠧᠨ ᠦᠵᠡᠮᠵᠢ ᠵᠢᠨ ᠣᠷᠣᠨ᠎ᠤ ᠪᠠᠰᠠ ᠨᠢᠭᠡᠨ ᠰᠣᠶᠣᠯ ᠵᠢᠭᠤᠯᠴᠢᠯᠠᠯ᠎ᠤᠨ ᠲᠥᠷᠥᠯ ᠵᠦᠢᠯ ᠪᠣᠯᠤᠨ᠎ᠠ  ᠃ ᠲᠣᠰ ᠲᠥᠷᠥᠯ ᠵᠦᠢᠯ᠎ᠤᠨ ᠡᠵᠡᠯᠡᠬᠦ ᠲᠠᠯᠠᠪᠠᠶ᠎ᠨᠢ ᠪᠠᠷᠤᠭ 28 ᠮᠥ᠍᠂ ᠪᠠᠷᠢᠯᠭ᠎ᠠ ᠵᠢᠨ ᠶᠡᠷᠦᠩᠬᠡᠶ ᠲᠠᠯᠠᠪᠠᠶ᠎ᠨᠢ ᠪᠠᠷᠤᠭ 31365 . 5 ᠲᠡᠭᠰᠢ ᠳᠥᠷᠪᠡᠯᠵᠢᠨ ᠮᠧᠲᠷ ᠪᠠᠢ᠌ᠵᠤ᠂ ᠪᠠᠢ᠌ᠭᠤᠯᠵᠤ ᠳᠠᠭᠤᠰᠤᠭᠰᠠᠨ᠎ᠤ ᠳᠠᠷᠠᠭ᠎ᠠ ᠨᠡᠢ᠌ᠲᠡ 47 ᠳᠤᠮᠳᠠᠳᠤ ᠮᠠᠶᠢᠭ᠎ᠤᠨ ᠲᠤᠰᠠᠭ᠋ᠠᠷ ᠬᠦᠷᠢᠶ᠎ᠡ᠎ᠲᠠᠢ᠃ ᠲᠣᠰ ᠲᠥᠷᠥᠯ ᠵᠦᠢᠯ᠎ᠤᠨ ᠪᠥᠬᠥ ᠲᠠᠯ᠎ᠠ ᠵᠢᠨ ᠪᠥᠲᠥᠭᠡᠨ ᠪᠠᠢ᠌ᠭᠤᠯᠤᠯᠲᠠ᠎ᠨᠢ ᠬᠢᠶ᠎ᠠ ᠪᠠᠭᠰᠢ ᠵᠢᠨ ᠲᠣᠭᠣᠷᠢᠭ᠎ᠤᠨ ᠰᠣᠶᠣᠯ ᠵᠢᠭᠤᠯᠴᠢᠯᠠᠯ᠎ᠤᠨ ᠬᠦᠴᠦᠷᠬᠡᠭ ᠣᠷᠣᠨ᠎ᠢ ᠪᠥᠲᠥᠭᠡᠨ ᠪᠠᠢ᠌ᠭᠤᠯᠵᠤ᠂ ᠰᠣᠶᠣᠯ ᠵᠢᠭᠤᠯᠴᠢᠯᠠᠯ᠎ᠤᠨ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ  ᠃ ᠲᠥᠷᠥᠯ ᠵᠦᠢᠯ᠎ᠨᠢ ᠰᠣᠶᠣᠯ᠎ᠢ ᠪᠡᠶᠡᠴᠢᠯᠡᠨ ᠣᠢ᠌ᠯᠠᠭ᠋ᠠᠬᠤ ᠪᠠ ᠬᠥᠮᠦᠨ ᠰᠣᠶᠣᠯ᠎ᠤᠨ ᠵᠠᠩ ᠦᠢᠯᠡ ᠵᠢ ᠠᠭᠤᠰᠤᠯᠴᠠᠭᠤᠯᠬᠤ   ᠵᠢ ᠤᠶᠠᠯᠳᠤᠭᠤᠯᠵᠤ᠂ ᠵᠢᠭᠤᠯᠴᠢᠯᠠᠯ ᠠᠮᠠᠷᠠᠯᠲᠠ ᠪᠠ ᠰᠡᠯᠡᠭᠦᠴᠡᠯ ᠰᠤᠪᠢᠯᠠᠯᠲᠠ ᠵᠢ ᠶᠡᠷᠦᠩᠬᠡᠢ᠌ᠯᠡᠨ ᠢᠵᠢ ᠪᠥᠷᠢᠳᠦᠭᠦᠯᠦᠭᠰᠡᠨ 《ᠰᠣᠶᠣᠯ ᠵᠢᠭᠤᠯᠴᠢᠯᠠᠯ᠎ᠤᠨ ᠠᠷᠠᠳ᠎ᠤᠨ ᠪᠠᠭᠤᠳᠠᠯ᠎ᠤᠨ ᠥᠯᠢᠭᠡᠷ ᠬᠡᠪ》 ᠮᠥᠨ᠂ ᠡᠨᠡ᠎ᠨᠢ ᠦᠵᠡᠰᠬᠦᠯᠡᠩᠲᠦ ᠰᠠᠢ᠌ᠬᠠᠨ ᠬᠢᠶ᠎ᠠ ᠪᠠᠭᠰᠢ ᠵᠢᠨ ᠲᠣᠭᠣᠷᠢᠭ᠎ᠤᠨ   ᠬᠢᠯᠠᠰ ᠴᠡᠭ᠎ᠤᠨ ᠰᠢᠨ᠎ᠡ ᠪᠡᠯᠭᠡ ᠲᠡᠮᠳᠡᠭ ᠪᠣᠯᠬᠤ ᠪᠣᠯᠤᠨ᠎ᠠ  ᠃
      ᠣᠢ᠌ᠷ᠎ᠠ ᠵᠢᠨ ᠵᠢᠯ᠎ᠤᠨ ᠲᠤᠷᠰᠢ᠂ ᠬᠢᠶ᠎ᠠ ᠪᠠᠭᠰᠢ ᠲᠣᠭᠣᠷᠢᠭ᠎ᠤᠨ ᠨᠠᠮ᠎ᠤᠨ ᠬᠣᠷᠢᠶ᠎ᠠ᠂ ᠲᠣᠭᠣᠷᠢᠭ᠎ᠤᠨ ᠵᠠᠰᠠᠭ᠎ᠤᠨ ᠣᠷᠳᠣᠨ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠥᠬᠥ ᠬᠣᠲᠠ ᠵᠢᠨ ᠰᠣᠶᠣᠯ ᠵᠢᠭᠤᠯᠴᠢᠯᠠᠯ᠎ᠤᠨ ᠬᠥᠭᠵᠢᠯᠲᠡ ᠵᠢᠨ ᠠᠵᠠ ᠲᠣᠬᠢᠶᠠᠯ᠎ᠢ ᠠᠳᠬᠤᠵᠤ᠂ ᠴᠢᠨᠠᠷ ᠰᠠᠢ᠌ᠲᠠᠶ ᠡᠬᠢ ᠪᠠᠶᠠᠯᠢᠭ᠂ ᠳᠥᠭᠥᠮ ᠳᠥᠲᠡ ᠣᠷᠣᠨ ᠪᠠᠢ᠌ᠷᠢ ᠵᠢᠨ ᠳᠠᠪᠠᠭᠤᠯᠢᠭ᠂ ᠣᠷᠣᠰᠢᠨ ᠰᠠᠭᠤᠬᠤ ᠳᠠᠪᠠᠭᠤᠯᠢᠭ ᠣᠷᠴᠢᠨ ᠲᠣᠭᠣᠷᠢᠨ᠂ ᠣᠯᠠᠨ ᠡᠰᠢᠲᠦ ᠰᠣᠶᠣᠯ᠎ᠤᠨ ᠠᠭᠤᠯᠤᠭᠳᠠᠬᠤᠨ᠎ᠳᠤ ᠲᠦᠰᠢᠭᠯᠡᠨ᠂ 《ᠬᠢᠯᠠᠰ ᠴᠡᠭ ᠬᠢᠶ᠎ᠠ ᠪᠠᠭᠰᠢ》 ᠵᠢᠨ ᠬᠥᠭᠵᠢᠯᠲᠡ ᠵᠢᠨ ᠰᠡᠳᠬᠢᠮᠵᠢ ᠵᠢ ᠪᠣᠶ ᠪᠣᠯᠭ᠋ᠠᠬᠤ ᠵᠢᠨ ᠲᠣᠭᠣᠷᠢᠨ᠎ᠳᠤ᠂ ᠬᠣᠲᠠ ᠵᠢᠨ ᠨᠠᠷᠠᠲᠤ ᠲᠥᠷᠥᠯ ᠲᠡᠮᠳᠡᠭᠲᠦ ᠵᠢ ᠨᠠᠷᠢᠨ   ᠬᠢᠨᠠᠮᠠᠭ᠋ᠠᠢ ᠪᠣᠢ᠌ᠵᠢᠭᠤᠯᠵᠤ᠂ ᠠᠯᠢ ᠣᠯᠠᠨ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠢ ᠰᠢᠨ᠎ᠡ᠎ᠪᠠᠷ ᠡᠭᠦᠳᠦᠨ ᠬᠡᠷᠡᠭᠵᠢᠭᠦᠯᠵᠦ᠂ ᠰᠣᠶᠣᠯ ᠵᠢᠭᠤᠯᠴᠢᠯᠠᠯ᠎ᠤᠨ ᠦᠢᠯᠡᠰ ᠲᠣᠪᠣᠢ᠌ᠮ᠎ᠠ ᠦᠷ᠎ᠡ ᠪᠦᠲᠦᠮᠵᠢᠲᠡᠶ ᠲᠦᠷᠭᠡᠨ ᠬᠥᠭᠵᠢᠪᠡ  ᠃

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ ᠬᠥᠬᠡᠬᠣᠲᠠ ᠵᠢᠨ ᠬᠠᠩᠰᠢ ᠵᠢᠨ ᠠᠮᠠᠷᠠᠯᠲᠠ ᠵᠢᠨ ᠵᠢᠭᠤᠯᠴᠢᠯᠠᠯ᠎ᠤᠨ ᠦᠢᠯᠡᠰ᠎ᠤᠨ ᠲᠣᠭ᠎ᠠ ᠪᠠᠷᠢᠮᠲᠠ
ᠵᠢᠤᠶᠤᠸᠠᠠ ᠲᠣᠭᠣᠷᠢᠭ᠎ᠤᠨ ᠰᠣᠶᠣᠯ᠎ᠤᠨ ᠣᠷᠳᠣᠨ᠎ᠤ 《ᠤᠴᠢ ᠦᠰᠦᠷᠦᠭᠡᠳ ᠠᠭᠤᠯᠠ ᠵᠢ ᠰᠢᠲᠠᠭ᠋ᠠᠨ᠎ᠠ》 ᠰᠠᠢ᠍ᠢ᠍ᠨ ᠳᠤᠷ᠎ᠠ ᠵᠢᠨ ᠰᠣᠶᠣᠯ᠎ᠤᠨ ᠦᠢ᠍ᠯᠡᠴᠢᠯᠡᠭᠡᠨ᠎ᠤ ᠠᠵᠢᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠢᠭᠦᠯᠦᠯ ᠰᠠᠢ᠌ᠰᠢᠶᠠᠯ᠎ᠢ ᠤᠯᠪᠠ
ᠣᠷᠳᠣᠰ᠎ᠤᠨ ᠮᠦᠽᠧᠶ《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ
ᠬᠥᠨᠳᠡᠯᠡᠨ ᠲᠣᠭᠣᠷᠢᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠥᠪ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ (ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ) ᠰᠠᠢ᠌ᠬᠠᠨ ᠲᠣᠭᠣᠷᠢᠭ᠎ᠤᠨ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠳᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ᠎ᠬᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠴᠠᠭ᠋ᠠᠯᠲᠠ ᠬᠢᠪᠡ
 
            