ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
2022 ᠣᠨ᠎ᠤ ᠬᠥᠬᠡᠬᠣᠲᠠ ᠵᠢᠨ ᠬᠠᠩᠰᠢ ᠵᠢᠨ ᠠᠮᠠᠷᠠᠯᠲᠠ ᠵᠢᠨ ᠵᠢᠭᠤᠯᠴᠢᠯᠠᠯ᠎ᠤᠨ ᠦᠢᠯᠡᠰ᠎ᠤᠨ ᠲᠣᠭ᠎ᠠ ᠪᠠᠷᠢᠮᠲᠠ
ᠨᠡᠶᠢᠲᠡᠯᠡᠭᠰᠡᠨ ᠴᠠᠭ᠄ 2022-04-10

     2022 ᠣᠨ᠎ᠤ ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ ᠬᠥᠬᠡᠬᠣᠲᠠ ᠵᠢᠨ᠎ᠬᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠲᠡᠷᠢᠭᠦᠨ ᠪᠠᠢ᠌ᠷᠢᠨ᠎ᠳᠤ ᠲᠠᠯᠪᠢᠵᠤ᠂ ᠴᠢᠬᠤᠯᠠ ᠵᠠᠩᠭᠢᠯᠠᠭ᠎ᠠ ᠵᠢᠨ ᠴᠡᠭ᠂ ᠭᠣᠤᠯᠳᠠᠯᠭ᠎ᠠ᠎ᠲᠠᠢ ᠭᠣᠭᠴᠣᠭ᠎ᠠ ᠵᠢ ᠴᠢᠩᠭ᠎ᠠ ᠠᠩᠬᠠᠷᠴᠤ᠂ 《ᠣᠪᠣᠭ᠋ᠠᠷᠠᠬᠤ ᠵᠢ ᠰᠡᠷᠭᠡᠢ᠌ᠯᠡᠬᠦ᠂ ᠰᠢᠬᠠᠯᠳᠤᠬᠤ ᠵᠢ ᠰᠡᠷᠭᠡᠢ᠌ᠯᠡᠬᠦ᠂ ᠬᠢᠵᠢᠭ᠎ᠢ ᠰᠡᠷᠭᠡᠢ᠌ᠯᠡᠬᠦ》 ᠠᠵᠢᠯ᠎ᠢ ᠭᠤᠢ᠌ᠪᠢᠰᠢ ᠥᠬᠡᠶ ᠰᠠᠢ᠌ᠲᠤᠷ ᠬᠢᠵᠦ᠂ 《ᠬᠡᠮᠵᠢᠶ᠎ᠡ ᠵᠢ ᠬᠢᠵᠠᠭ᠋ᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠬᠦ》 ᠠᠵᠢᠯ᠎ᠤᠨ ᠱᠠᠭ᠋ᠠᠷᠳᠠᠯᠭ᠎ᠠ ᠶᠣᠰᠣᠭ᠋ᠠᠷ   ᠠᠮᠠᠷᠠᠯᠲᠠ ᠵᠢᠨ ᠡᠳᠦᠷ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠠᠮᠤᠷ ᠲᠦᠪᠰᠢᠨ᠂ ᠲᠠᠢ᠌ᠪᠤᠭᠤᠨ ᠲᠣᠭᠲᠠᠭᠤᠨ᠂ ᠡᠮᠬᠢ ᠵᠢᠷᠤᠮ᠎ᠲᠠᠢ ᠪᠠᠢ᠌ᠬᠤ ᠵᠢ ᠦᠨᠡᠨ ᠬᠦ᠌ ᠪᠠᠲᠤᠯᠠᠪᠠ᠃ ᠣᠳᠣᠬᠠᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠪᠠᠢ᠌ᠩᠭᠤᠵᠢᠭᠤᠯᠤᠭᠰᠠᠨ ᠪᠠᠢ᠌ᠳᠠᠯ ᠳᠣᠣᠷ᠎ᠠ᠂ ᠠᠮᠠᠷᠠᠯᠲᠠ ᠵᠢᠨ ᠡᠳᠦᠷ᠎ᠤᠨ ᠵᠢᠭᠤᠯᠴᠢᠯᠠᠯ᠎ᠤᠨ ᠵᠠᠬ᠎ᠠ ᠳᠡᠯᠭᠡᠭᠦᠷ ᠲᠣᠭᠲᠠᠭᠤᠨ ᠵᠶ᠋ᠠᠷ ᠰᠡᠷᠭᠦᠬᠦ ᠪᠠᠢ᠌ᠳᠠᠯ ᠵᠶ᠋ᠠᠨ ᠪᠠᠲᠤᠯᠠᠵᠤ ᠪᠠᠢ᠌ᠨ᠎ᠠ  ᠃
      ᠬᠠᠩᠰᠢ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ ᠪᠥᠬᠥ ᠬᠣᠲᠠ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ ᠨᠡᠢ᠌ᠲᠡ 26 . 59 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 49 . 87 %᠎ᠪᠠᠷ ᠪᠠᠭᠤᠷᠠᠪᠠ; ᠵᠢᠭᠤᠯᠴᠢᠯᠠᠯ᠎ᠤᠨ ᠦᠢᠯᠡᠰ᠎ᠤᠨ ᠶᠡᠷᠦᠩᠬᠡᠢ᠌ᠯᠡᠭᠰᠡᠨ ᠣᠷᠣᠯᠭ᠎ᠠ ᠵᠢ ᠨᠡᠢ᠌ᠲᠡ 1 . 15 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 53 . 49 %᠎ᠪᠠᠷ ᠪᠠᠭᠤᠷᠠᠪᠠ᠃ ᠪᠦᠬᠦ ᠬᠣᠲᠠ ᠵᠢᠨ ᠡᠳᠦᠷ ᠳᠤᠮᠳᠠᠴᠢ ᠵᠢᠨ ᠬᠦᠯᠢᠶᠡᠨ ᠠᠪᠤᠭᠰᠠᠨ ᠬᠡᠮᠵᠢᠶ᠎ᠡ 88619 ᠬᠥᠮᠦᠨ ᠤᠳᠠᠭ᠎ᠠ᠎ᠳᠤ ᠬᠦᠷᠴᠦ᠂ ᠡᠳᠦᠷ ᠳᠤᠮᠳᠠᠴᠢ ᠵᠢᠨ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ ᠣᠷᠣᠯᠭ᠎ᠠ 3832 . 40 ᠲᠦᠮᠡᠨ ᠲᠥᠭᠥᠷᠢᠭ᠎ᠲᠤ ᠬᠦᠷᠴᠦ᠂ ᠪᠦᠬᠦ ᠬᠣᠲᠠ ᠵᠢᠨ ᠡᠳᠦᠷ ᠳᠤᠮᠳᠠᠴᠢ ᠵᠢᠨ ᠬᠦᠯᠢᠶᠡᠨ ᠠᠪᠤᠭᠰᠠᠨ ᠬᠡᠮᠵᠢᠶ᠎ᠡ ᠪᠠ ᠡᠳᠦᠷ ᠳᠤᠮᠳᠠᠴᠢ ᠵᠢᠨ ᠵᠢᠭᠤᠯᠴᠢᠯᠠᠯ᠎ᠤᠨ ᠣᠷᠣᠯᠭ᠎ᠠ ᠭᠤᠷᠪᠠᠳᠤᠭ᠋ᠠᠷ ᠡᠳᠦᠷ᠎ᠲᠤ ᠣᠷᠭᠢᠯ ᠎ᠳᠤ᠎ᠪᠠᠨ ᠲᠤᠯᠪᠠ᠃ ᠡᠭᠦᠨ᠎ᠳᠤ᠂ ᠬᠠᠩᠰᠢ ᠵᠢᠨ ᠠᠮᠠᠷᠠᠯᠲᠠ ᠵᠢᠨ ᠨᠢᠭᠡᠳᠦᠭᠡᠷ ᠡᠳᠦᠷ ᠤᠯᠤᠰ᠎ᠤᠨ ᠳᠣᠲᠣᠭ᠋ᠠᠳᠤ ᠵᠢᠨ   ᠵᠢᠭᠤᠯᠴᠢᠯᠠᠭᠴᠢᠳ᠎ᠢ 76310 ᠬᠥᠮᠦᠨ ᠤᠳᠠᠭ᠎ᠠ ᠭᠥᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠦᠢᠯᠡᠰ᠎ᠤᠨ ᠶᠡᠷᠦᠩᠬᠡᠢ᠌ᠯᠡᠭᠰᠡᠨ ᠣᠷᠣᠯᠭ᠎ᠠ 3186 . 17 ᠲᠦᠮᠡᠨ ᠲᠥᠭᠥᠷᠢᠭ᠎ᠲᠤ ᠬᠥᠷᠪᠡ; ᠬᠣᠶᠠᠳᠤᠭ᠋ᠠᠷ ᠡᠳᠦᠷ᠎ᠲᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 87559 ᠬᠥᠮᠦᠨ ᠤᠳᠠᠭ᠎ᠠ ᠭᠥᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠦᠢᠯᠡᠰ᠎ᠤᠨ ᠶᠡᠷᠦᠩᠬᠡᠢ᠌ᠯᠡᠭᠰᠡᠨ ᠣᠷᠣᠯᠭ᠎ᠠ 3929 . 74 ᠲᠦᠮᠡᠨ ᠲᠥᠭᠥᠷᠢᠭ᠎ᠲᠤ ᠬᠥᠷᠪᠡ; ᠭᠤᠷᠪᠠᠳᠤᠭ᠋ᠠᠷ ᠡᠳᠦᠷ᠎ᠲᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 101988 ᠬᠥᠮᠦᠨ ᠤᠳᠠᠭ᠎ᠠ ᠬᠦᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠦᠢ᠍ᠯᠡᠰ᠎ᠤᠨ ᠶᠡᠷᠦᠩᠬᠡᠢ᠌ᠯᠡᠭᠰᠡᠨ ᠣᠷᠣᠯᠭ᠎ᠠ ᠵᠢ 4381 . 00 ᠲᠦᠮᠡᠨ ᠲᠥᠭᠥᠷᠢᠭ ᠪᠡᠶᠡᠯᠡᠭᠦᠯᠪᠡ  ᠃
 

ᠢᠷᠡᠯᠲᠡ᠄ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠵᠢᠤᠶᠤᠸᠠᠠ ᠲᠣᠭᠣᠷᠢᠭ᠎ᠤᠨ ᠰᠣᠶᠣᠯ᠎ᠤᠨ ᠣᠷᠳᠣᠨ᠎ᠤ 《ᠤᠴᠢ ᠦᠰᠦᠷᠦᠭᠡᠳ ᠠᠭᠤᠯᠠ ᠵᠢ ᠰᠢᠲᠠᠭ᠋ᠠᠨ᠎ᠠ》 ᠰᠠᠢ᠍ᠢ᠍ᠨ ᠳᠤᠷ᠎ᠠ ᠵᠢᠨ ᠰᠣᠶᠣᠯ᠎ᠤᠨ ᠦᠢ᠍ᠯᠡᠴᠢᠯᠡᠭᠡᠨ᠎ᠤ ᠠᠵᠢᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠢᠭᠦᠯᠦᠯ ᠰᠠᠢ᠌ᠰᠢᠶᠠᠯ᠎ᠢ ᠤᠯᠪᠠ
ᠣᠷᠳᠣᠰ᠎ᠤᠨ ᠮᠦᠽᠧᠶ《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ
ᠬᠥᠨᠳᠡᠯᠡᠨ ᠲᠣᠭᠣᠷᠢᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠥᠪ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ (ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ) ᠰᠠᠢ᠌ᠬᠠᠨ ᠲᠣᠭᠣᠷᠢᠭ᠎ᠤᠨ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠳᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ᠎ᠬᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠴᠠᠭ᠋ᠠᠯᠲᠠ ᠬᠢᠪᠡ
ᠴᠡᠴᠡᠭ ᠳᠡᠯᠭᠡᠷᠡᠬᠦ ᠤᠷᠢᠬᠠᠨ ᠬᠠᠪᠤᠷ ᠵᠶ᠋ᠠᠷ ᠪᠢᠴᠢᠭ᠎ᠤᠨ ᠦᠨᠦᠷ᠎ᠢ ᠲᠦᠮᠡᠨ᠎ᠳᠤ ᠲᠦᠭᠡᠭᠡᠶ᠎ᠡ — ᠨᠣᠮ᠎ᠤᠨ ᠰᠠᠩ᠎ᠳᠤ ᠠᠮᠠᠷᠠᠯᠲᠠ᠎ᠪᠠᠨ ᠥᠩᠭᠡᠷᠡᠭᠦᠯᠦᠨ᠎ᠡ
 
            