ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢᠨ ᠤᠳᠤᠷᠢᠳᠬᠤ ᠳᠤᠭᠤᠢ᠌ᠯᠠᠩ᠎ᠤᠨ ᠨᠡᠢ᠌ᠲᠡᠯᠡᠭᠰᠡᠨ 《2021 ᠣᠨ᠎ᠤ ᠪᠥᠬᠥ ᠣᠷᠣᠨ᠎ᠤ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ 〈ᠭᠤᠷᠪᠠ ᠵᠢ ᠬᠥᠳᠡᠭᠡ ᠪᠠᠭᠤᠯᠭ᠋ᠠᠬᠤ〉 ᠠᠵᠢᠯᠯᠠᠭ᠎ᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢᠯ᠂ ᠰᠢᠯᠢᠳᠡᠭ ᠪᠦᠯᠬᠦᠮ᠂ ᠦᠢᠯᠡᠴᠢᠯᠡᠭᠡᠨ᠎ᠤ ᠵᠢᠱ᠌ᠢᠶᠡᠴᠢ ᠵᠢ ᠵᠠᠷᠯᠠᠨ ᠰᠠᠢ᠌ᠰᠢᠶᠠᠬᠤ ᠲᠤᠬᠠᠶ ᠲᠣᠭᠲᠠᠭ᠋ᠠᠯ》 ( 【2022】 2 ᠳ᠋ᠤᠭ᠋ᠠᠷ ᠲᠣᠭ᠋ᠠᠲᠤ)᠎ᠳᠤ᠂ ᠵᠢᠦᠶᠤᠸᠠᠨ ᠲᠣᠭᠣᠷᠢᠭ᠎ᠤᠨ ᠰᠣᠶᠣᠯ᠎ᠤᠨ ᠣᠷᠳᠣᠨ᠎ᠤ 《ᠣᠴᠢ ᠦᠰᠦᠷᠦᠭᠡᠳ ᠠᠭᠤᠯᠠ ᠵᠢ ᠰᠢᠲᠠᠭ᠋ᠠᠨ᠎ᠠ》 ᠰᠠᠢ᠌ᠨ ᠳᠤᠷ᠎ᠠ ᠵᠢᠨ ᠰᠣᠶᠣᠯ᠎ᠤᠨ ᠦᠢᠯᠡᠴᠢᠯᠡᠭᠡᠨ᠎ᠤ ᠲᠥᠷᠥᠯ ᠵᠦᠢᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠪᠥᠬᠥ ᠣᠷᠣᠨ᠎ᠤ ᠰᠣᠶᠣᠯ ᠰᠢᠨᠵᠢᠯᠡᠬᠦ ᠤᠬᠠᠭ᠋ᠠᠨ ᠮᠡᠷᠭᠡᠵᠢᠯ ᠡᠷᠡᠭᠦᠯ ᠬᠠᠮᠠᠭ᠋ᠠᠯᠠᠯ 《ᠭᠤᠷᠪᠠ ᠵᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢᠨ 10 ᠵᠢᠱ᠌ᠢᠶ᠎ᠡ ᠦᠵᠡᠭᠦᠯᠬᠦ ᠲᠥᠷᠥᠯ ᠵᠦᠢᠯ᠎ᠤᠨ ᠨᠢᠭᠡ᠎ᠪᠠᠷ ᠦᠨᠡᠯᠡᠭᠳᠡᠪᠡ ᠃
ᠬᠣᠢ᠌ᠰᠢᠳᠠ᠂ ᠵᠢᠦᠶᠤᠸᠠᠨ ᠲᠣᠭᠣᠷᠢᠭ᠎ᠤᠨ ᠰᠣᠶᠣᠯ᠎ᠤᠨ ᠣᠷᠳᠣᠨ᠎ᠨᠢ ᠰᠠᠢ᠌ᠨ ᠳᠤᠷ᠎ᠠ ᠵᠢᠨ ᠦᠢᠯᠡᠴᠢᠯᠡᠭᠡ ᠵᠢ ᠦᠷᠭᠦᠯᠵᠢᠯᠡᠨ ᠥᠷᠨᠢᠬᠦᠯᠵᠦ ᠢᠷᠠᠭᠤ ᠠᠯᠳᠠᠷ ᠵᠶ᠋ᠠᠨ ᠨᠠᠨᠳᠢᠩᠨᠠᠨ ᠴᠤᠴᠠᠯᠲᠠ ᠦᠭᠡᠢ ᠴᠢᠷᠮᠠᠢ᠌ᠵᠤ ᠢᠳᠡᠪᠬᠢᠲᠡᠶ ᠤᠷᠤᠭᠰᠢᠯᠠᠨ ᠳᠠᠪᠰᠢᠨ᠎ᠠ ; ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ ᠨᠠᠮ᠎ᠤᠨ ᠬᠤᠭᠤᠴᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠪᠣᠳᠠᠲᠠᠶ ᠵᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂《ᠰᠣᠶᠣᠯ᠎ᠢ ᠬᠥᠳᠡᠭᠡ ᠪᠠᠭᠤᠯᠭ᠋ᠠᠬᠤ》 ᠠᠵᠢᠯᠯᠠᠭ᠎ᠠ ᠵᠢᠨ ᠶᠠᠰᠤ ᠴᠢᠨᠠᠷ᠎ᠢ ᠳᠡᠭᠡᠭᠰᠢᠯᠡᠬᠦᠯᠬᠦ᠂ ᠬᠡᠪᠴᠢᠶ᠎ᠡ ᠵᠢ ᠥᠷᠭᠡᠳᠬᠡᠬᠦ᠂ ᠲᠠᠰ ᠳᠡᠪᠰᠢᠭᠦᠯᠬᠦ ᠵᠢ ᠠᠬᠢᠭᠤᠯᠵᠤ᠂ ᠨᠠᠩ ᠰᠠᠢ᠌ᠨ ᠵᠶ᠋ᠠᠷ ᠦᠨᠳᠦᠰᠦᠨ ᠱᠠᠲᠤᠨ᠎ᠳᠤ ᠦᠢᠯᠡᠴᠢᠯᠡᠵᠦ᠂ ᠮᠠᠯᠴᠢᠨ ᠲᠠᠷᠢᠶᠠᠴᠢᠨ ᠲᠦᠮᠡᠨ᠎ᠳᠤ ᠦᠢᠯᠡᠴᠢᠯᠡᠵᠦ᠂ ᠮᠠᠯᠴᠢᠨ ᠲᠠᠷᠢᠶᠠᠴᠢᠨ᠎ᠳᠤ ᠨᠠᠩ ᠣᠯᠠᠨ ᠰᠠᠢ᠌ᠨ ᠶᠠᠪᠤᠳᠠᠯ ᠪᠣᠳᠠᠲᠤ ᠶᠠᠪᠤᠳᠠᠯ ᠬᠢᠵᠦ᠂ ᠰᠢᠯᠢᠳᠡᠭ ᠠᠮᠵᠢᠯᠲᠠ᠎ᠪᠠᠷ ᠵᠶ᠋ᠠᠨ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠠᠮᠵᠢᠯᠲᠠ᠎ᠲᠠᠢ ᠬᠤᠷᠠᠯᠳᠤᠬᠤ ᠵᠢ ᠤᠭᠲᠤᠨ᠎ᠠ ᠃