ᠬᠥᠮᠦᠨ᠎ᠤ ᠶᠢᠷᠲᠢᠨᠴᠦ ᠵᠢᠨ ᠬᠠᠮᠤᠭ᠎ᠤᠨ ᠦᠵᠡᠰᠭᠦᠯᠡᠩᠲᠦ ᠴᠠᠭ ᠳᠦᠷᠪᠡᠳᠦᠭᠡᠷ ᠰᠠᠷ᠎ᠠ ᠪᠢᠯᠡ᠂ ᠬᠠᠪᠤᠷ ᠰᠠᠭ᠋ᠠᠲᠤᠨ ᠴᠡᠴᠡᠭ ᠳᠡᠯᠭᠡᠷᠡᠵᠦ᠂ ᠲᠦᠮᠡᠨ ᠪᠣᠳᠠᠰ ᠠᠮᠢᠯᠠᠨ ᠰᠡᠷᠭᠦᠵᠦ᠂ ᠶᠠᠭ ᠲᠤᠭᠤᠷ᠎ᠤᠨ ᠴᠡᠴᠡᠭ᠂ ᠭᠦᠢ᠍ᠯᠡᠰᠦᠨ ᠴᠡᠴᠡᠭ᠂ ᠠᠯᠢᠮ᠎ᠠ ᠵᠢᠨ ᠴᠡᠴᠡᠭ ᠪᠠᠳᠠᠷᠠᠨ ᠴᠡᠴᠡᠭᠯᠡᠵᠦ᠂ ᠪᠢᠯᠬᠠᠨ ᠲᠦᠭᠡᠭᠰᠡᠨ ᠠᠩᠬᠢᠯᠤᠮ᠎ᠠ ᠦᠨᠦᠷ᠎ᠨᠢ ᠬᠥᠮᠦᠨ᠎ᠢ ᠰᠤᠭᠲᠤᠷᠠᠭᠤᠯᠤᠨᠠ᠃ ᠬᠠᠷᠢᠨ ᠣᠷᠳᠣᠰ ᠬᠣᠲᠠ ᠵᠢᠨ ᠨᠣᠮ᠎ᠤᠨ ᠰᠠᠩ᠎ᠳᠤ ᠦᠶ᠎ᠡ ᠦᠶᠡᠬᠡᠨ ᠰᠡᠪᠡᠯᠵᠡᠬᠦ ᠪᠢᠴᠢᠭ᠎ᠤᠨ ᠦᠨᠦᠷ᠎ᠨᠢ ᠠᠳᠠᠯᠢᠬᠠᠨ ᠬᠥᠮᠦᠨ᠎ᠤ ᠰᠡᠳᠬᠢᠯ᠎ᠢ ᠲᠠᠲᠠᠨ᠎ᠠ᠃
4 ᠳ᠋ᠤᠭᠡᠷ ᠰᠠᠷ᠎ᠠ ᠵᠢᠨ 3᠎ᠤ ᠡᠳᠦᠷ᠎ᠤᠨ ᠥᠷᠯᠥᠭᠡ ᠵᠢᠨ 7 ᠴᠠᠭ ᠭᠠᠷᠤᠶ᠎ᠳᠤ᠂ ᠣᠷᠳᠣᠰ ᠬᠣᠲᠠ ᠵᠢᠨ ᠨᠣᠮ᠎ᠤᠨ ᠰᠠᠩ᠎ᠤᠨ ᠡᠭᠦᠳᠡᠨ ᠡᠮᠦᠨ᠎ᠡ ᠣᠷᠳᠣ ᠡᠩᠨᠡᠭᠡ ᠮᠥᠷᠯᠡᠵᠦ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠶᠣᠰᠣᠭ᠋ᠠᠷ᠂ ᠠᠮᠠᠪᠴᠢ ᠵᠡᠭᠦᠬᠦ᠂ ᠨᠢᠭᠡ ᠮᠧᠲᠷ᠎ᠤᠨ ᠱᠤᠭᠤᠮ᠂ ᠭᠤᠷᠪᠠᠨ ᠺᠣᠳ᠋᠎ᠢ ᠪᠠᠢ᠌ᠴᠠᠭ᠋ᠠᠬᠤ᠂ ᠤᠩᠰᠢᠭᠴᠢ ᠵᠢᠨ ᠦᠨᠡᠮᠯᠡᠯ᠎ᠢ ᠰᠢᠯᠭ᠋ᠠᠬᠤ᠂ ᠪᠡᠶ᠎ᠡ ᠵᠢᠨ ᠬᠠᠯᠠᠭᠤᠨ᠎ᠢ ᠬᠡᠮᠵᠢᠬᠦ᠂ ᠤᠷᠤᠰᠬᠠᠯ᠎ᠢ ᠬᠢᠵᠠᠭ᠋ᠠᠷᠯᠠᠬᠤ ᠡᠯ᠎ᠡ ᠭᠣᠭᠴᠣᠭ᠎ᠠ ᠵᠢ ᠴᠢᠩᠭ᠎ᠠ ᠡᠵᠡᠮᠳᠡᠨ᠎ᠡ᠃ ᠡᠭᠦᠨ᠎ᠤ ᠬᠠᠮᠲᠤ ᠨᠢᠭᠡ ᠮᠧᠲᠷ᠎ᠤᠨ ᠱᠤᠭᠤᠮ᠎ᠤᠨ ᠰᠡᠷᠭᠡᠢ᠌ᠯᠡᠨ ᠡᠵᠡᠮᠳᠡᠬᠦ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠢ᠌ᠳᠠᠪᠤᠷᠢᠵᠢᠭᠤᠯᠬᠤ ᠵᠢᠨ ᠲᠥᠯᠥᠭᠡ᠂ ᠬᠣᠲᠠ ᠵᠢᠨ ᠨᠣᠮ᠎ᠤᠨ ᠰᠠᠩ ᠤᠩᠰᠢᠯᠭ᠎ᠠ ᠵᠢᠨ ᠰᠠᠭᠤᠳᠠᠯ᠎ᠢ ᠠᠯᠤᠰᠯᠠᠨ ᠰᠠᠭᠤᠬᠤ᠎ᠪᠠᠷ ᠲᠣᠬᠢᠷᠠᠭᠤᠯᠪᠠ᠃ ᠦᠳᠡ ᠵᠢᠨ ᠡᠮᠦᠨᠡᠬᠢ 10 ᠴᠠᠭ᠎ᠲᠤ ᠦᠪᠡᠰᠦᠪᠡᠨ ᠰᠤᠩᠭᠤᠬᠤ ᠨᠣᠮ᠎ᠤᠨ ᠰᠠᠩ᠂ ᠪᠠᠭ᠋ᠠᠴᠤᠳ᠎ᠤᠨ ᠤᠩᠰᠢᠯᠭ᠎ᠠ ᠵᠢᠨ ᠬᠡᠯᠲᠡᠰ᠂ ᠬᠢᠲᠠᠳ ᠬᠡᠯᠡᠨ᠎ᠤ ᠵᠢᠭᠡᠯᠡᠭᠡ ᠵᠢᠨ ᠬᠡᠯᠲᠡᠰ ᠵᠢᠴᠢ 5 ᠳ᠋ᠤᠭ᠋ᠠᠷ ᠳᠠᠪᠬᠤᠷᠭ᠎ᠠ ᠵᠢᠨ ᠳᠠᠪᠲᠠᠯᠭ᠎ᠠ ᠵᠢᠨ ᠭᠡᠷ᠎ᠲᠤ ᠪᠠᠷᠤᠭ ᠬᠣᠭᠣᠰᠣᠨ ᠰᠠᠨᠳᠠᠯᠢ ᠦᠭᠡᠢ ᠪᠣᠯᠵᠠᠶ᠃ ᠰᠤᠷᠤᠭᠴᠢᠳ᠂ ᠠᠰᠫᠢᠷᠠᠨᠲ ᠰᠢᠯᠭ᠋ᠠᠭᠤᠯᠤᠭᠰᠠᠳ᠂ ᠠᠵᠢᠯ᠎ᠳᠤ ᠭᠠᠷᠤᠭᠰᠠᠳ᠁ ᠵᠡᠷᠭᠡ ᠴᠥᠭᠡᠨ ᠪᠤᠰᠤ ᠵᠠᠯᠠᠭᠤᠴᠤᠳ ᠠᠮᠠᠷᠠᠯᠲᠠ ᠵᠢᠨ ᠬᠤᠭᠤᠴᠠᠭ᠎ᠠ᠎ᠪᠠᠨ ᠠᠰᠢᠭᠯᠠᠨ ᠡᠨᠳᠡ ᠥᠪᠡᠷ᠎ᠤᠨ ᠪᠡᠶ᠎ᠡ ᠲᠡᠭᠦᠯᠳᠡᠷᠵᠢᠭᠦᠯᠵᠦ ᠪᠠᠢ᠌ᠯ᠎ᠠ᠃ ᠲᠣᠭ᠎ᠠ ᠪᠠᠷᠢᠮᠲᠠ ᠵᠢᠨ ᠪᠦᠷᠢᠳᠬᠡᠭᠰᠡᠨ ᠵᠶ᠋ᠡᠷ ᠬᠠᠩᠰᠢ ᠵᠢᠨ ᠠᠮᠠᠷᠠᠯᠲᠠ ᠵᠢᠨ ᠠᠩᠬᠠᠨ᠎ᠤ ᠡᠳᠦᠷ᠂ ᠬᠣᠲᠠ ᠵᠢᠨ ᠨᠣᠮ᠎ᠤᠨ ᠰᠠᠩ᠎ᠳᠤ ᠢᠷᠡᠭᠰᠡᠨ ᠬᠥᠮᠦᠨ ᠤᠳᠠᠭ᠎ᠠ 2963 ᠪᠠᠢ᠌ᠵᠤ᠂ ᠵᠢᠭᠡᠯᠡᠨ ᠪᠤᠴᠠᠭ᠋ᠠᠭᠰᠠᠨ ᠨᠤᠮ 2548 ᠳᠡᠪᠲᠡᠷ᠎ᠲᠤ ᠬᠦᠷᠴᠦ᠂ ᠵᠢᠭᠡᠯᠡᠨ ᠪᠤᠴᠠᠭ᠋ᠠᠭᠰᠠᠨ ᠲᠤᠭ᠎ᠠ 779 ᠬᠥᠮᠦᠨ ᠤᠳᠠᠭ᠎ᠠ᠎ᠳᠤ ᠬᠦᠷᠴᠡᠢ᠃
ᠬᠢᠶ᠎ᠠ ᠪᠠᠭᠰᠢ ᠲᠣᠭᠣᠷᠢᠭ᠎ᠤᠨ ᠲᠤᠷᠰᠢᠯᠲᠠ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠶᠢᠨ ᠽᠢ ᠬᠠᠨ᠄《ᠪᠠᠭ᠎ᠠ ᠰᠤᠷᠭ᠋ᠠᠭᠤᠯᠢ᠎ᠠᠴᠠ᠎ᠪᠠᠨ ᠪᠢ ᠨᠣᠮ᠎ᠤᠨ ᠰᠠᠩ᠎ᠳᠤ ᠢᠷᠡᠬᠦ ᠶᠡᠬᠡ ᠳᠤᠷᠠᠲᠠᠶ᠂ ᠤᠴᠢᠷ᠎ᠨᠢ ᠡᠨᠳᠡ ᠮᠠᠰᠢ ᠣᠯᠠᠨ ᠨᠣᠮ ᠪᠢᠴᠢᠭ᠎ᠢ ᠤᠩᠰᠢᠵᠤ ᠪᠣᠯᠤᠨ᠎ᠠ᠂ ᠦᠪᠡᠰᠦᠪᠡᠨ ᠰᠤᠩᠭᠤᠬᠤ ᠨᠣᠮ᠎ᠤᠨ ᠰᠠᠩ᠎ᠤᠨ ᠰᠤᠷᠤᠯᠴᠠᠬᠤ ᠠᠭᠤᠷ ᠠᠮᠢᠰᠬᠤᠯ ᠴᠤ᠌ ᠮᠠᠰᠢ ᠰᠠᠢ᠌ᠨ᠂ ᠣᠯᠠᠨ ᠵᠶ᠋ᠠᠷ ᠵᠶ᠋ᠠᠨ ᠨᠠᠮ ᠵᠢᠮ ᠰᠤᠷᠤᠯᠴᠠᠵᠤ᠂ ᠬᠠᠷᠢᠯᠴᠠᠨ ᠬᠠᠷᠰᠢᠯᠠᠬᠤ ᠥᠬᠡᠶ᠃ ᠡᠨᠳᠡᠬᠢ ᠰᠤᠷᠤᠯᠭ᠎ᠠ ᠵᠢᠨ ᠦᠷ᠎ᠡ ᠪᠦᠲᠦᠮᠵᠢ ᠪᠠᠰᠠ ᠮᠠᠰᠢ ᠥᠨᠳᠥᠷ᠂ ᠭᠠᠷᠠᠭ᠎ᠤᠨ ᠰᠡᠭᠦᠯᠴᠢ ᠪᠣᠯᠬᠤ ᠪᠦᠷᠢ ᠪᠢ ᠬᠠᠮᠲᠤ ᠰᠤᠷᠤᠯᠭ᠋ᠠᠲᠠᠨ ᠵᠶ᠋ᠠᠨ ᠪᠣᠯᠵᠣᠵᠤ ᠡᠨᠳᠡ ᠪᠠᠶᠠᠷ ᠬᠥᠷ᠎ᠲᠠᠢ ᠰᠤᠷᠤᠯᠴᠠᠬᠤ ᠴᠠᠭ ᠮᠥᠴᠡ ᠵᠢ ᠥᠩᠭᠡᠷᠡᠭᠡᠨ᠎ᠡ》ᠭᠡᠵᠦ ᠬᠡᠯᠡᠨ᠎ᠡ᠃ ᠤᠩᠰᠢᠭᠴᠢᠳ᠎ᠤᠨ ᠬᠡᠷᠡᠭᠴᠡᠭᠡ ᠵᠢ ᠬᠠᠩᠭ᠋ᠠᠬᠤ ᠵᠢᠨ ᠲᠥᠯᠥᠭᠡ ᠣᠷᠳᠣᠰ ᠬᠣᠲᠠ ᠵᠢᠨ ᠨᠣᠮ᠎ᠤᠨ ᠰᠠᠩ ᠪᠠᠶᠠᠷ ᠳᠤᠷᠠᠰᠬᠠᠯ᠎ᠤᠨ ᠡᠳᠦᠷ ᠬᠡᠪ᠎ᠤᠨ ᠶᠣᠰᠣᠭ᠋ᠠᠷ ᠨᠡᠭᠡᠭᠡᠬᠦ ᠵᠢ ᠪᠠᠷᠢᠮᠲᠠᠯᠠᠭᠰᠠᠭ᠋ᠠᠷ ᠢᠷᠡᠵᠡᠶ᠂ ᠠᠵᠢᠯᠲᠠᠳ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠰᠠᠢ᠌ᠲᠤᠷ ᠬᠢᠬᠦ ᠵᠢᠨ ᠬᠠᠮᠲᠤ ᠤᠩᠰᠢᠭᠴᠢᠳ᠎ᠲᠤ ᠴᠢᠨᠠᠷ ᠰᠠᠢ᠌ᠲᠠᠶ ᠣᠯᠠᠨ ᠨᠡᠢ᠌ᠲᠡ ᠵᠢᠨ ᠰᠣᠶᠣᠯ᠎ᠤᠨ ᠦᠢᠯᠡᠴᠢᠯᠡᠭᠡ ᠬᠠᠩᠭ᠋ᠠᠵᠤ᠂ ᠬᠣᠲᠠ ᠵᠢᠨ ᠠᠷᠠᠳ᠎ᠤᠨ ᠡᠯ᠎ᠡ ᠵᠦᠢᠯ᠎ᠤᠨ ᠤᠩᠰᠢᠯᠭ᠎ᠠ ᠵᠢᠨ ᠬᠡᠷᠡᠭᠴᠡᠭᠡ ᠵᠢ ᠬᠠᠩᠭ᠋ᠠᠵᠤ ᠪᠠᠢ᠌ᠨ᠎ᠠ᠃ ᠪᠢᠳᠡ ᠬᠠᠮᠲᠤ᠎ᠪᠠᠷ ᠳᠡᠯᠭᠡᠷᠡᠬᠦ ᠬᠠᠪᠤᠷ᠎ᠤᠨ ᠪᠠᠳᠠᠷᠠᠯᠲᠤ ᠤᠯᠠᠷᠢᠯ᠎ᠳᠤ ᠢᠯᠡᠭᠦᠬᠡᠨ ᠨᠣᠮ ᠤᠩᠰᠢᠵᠤ᠂ ᠣᠷᠳᠣᠰ᠎ᠤᠨ ᠪᠢᠴᠢᠭ᠎ᠤᠨ ᠦᠨᠦᠷ᠎ᠢ ᠦᠢ ᠲᠦᠮᠡᠨ᠎ᠳᠤ ᠲᠦᠭᠡᠭᠡᠶ᠎ᠡ᠃