ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠣᠷᠳᠣᠰ᠎ᠤᠨ ᠮᠦᠽᠧᠶ《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ
ᠨᠡᠶᠢᠲᠡᠯᠡᠭᠰᠡᠨ ᠴᠠᠭ᠄ 2022-04-10

     4 ᠳ᠋ᠤᠭᠡᠷ ᠰᠠᠷ᠎ᠠ ᠵᠢᠨ 1᠎ᠤ ᠦᠳᠡ ᠵᠢᠨ ᠡᠮᠦᠨ᠎ᠡ᠂ ᠣᠷᠳᠣᠰ ᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠡᠷᠬᠢᠯᠡᠭᠴᠢ ᠵᠢᠴᠢ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠳᠡᠭᠡᠷ᠎ᠡ᠂ ᠣᠷᠳᠣᠰ ᠎ᠤᠨ ᠮᠦᠽᠧᠶ 《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》᠎ᠤᠨ ᠢᠷᠠᠭᠤ ᠠᠯᠳᠠᠷ᠎ᠤᠨ ᠴᠣᠯᠠ ᠵᠢ ᠭᠥᠷᠳᠡᠪᠡ  ᠃
      ᠣᠷᠳᠣᠰ᠎ᠤᠨ ᠮᠦᠽᠧᠶ᠎ᠲᠠᠢ ᠬᠠᠮᠲᠤ ᠣᠷᠳᠣᠰ ᠬᠣᠲᠠ ᠵᠢᠨ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ ᠎ᠳᠤ ᠣᠷᠳᠣᠰ ᠬᠣᠲᠠ ᠵᠢᠨ ᠳᠥᠷᠪᠡᠳᠦᠭᠡᠷ ᠪᠦᠯᠦᠭ᠎ᠤᠨ《ᠪᠥᠬᠥ ᠬᠣᠲᠠ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》ᠵᠶ᠋ᠠᠷ ᠨᠡᠷᠡᠢ᠌ᠳᠦᠭᠳᠡᠭᠰᠡᠨ ᠨᠢᠭᠡᠴᠢ ᠎ᠳᠤ ᠣᠷᠳᠣᠰ ᠬᠣᠲᠠ ᠵᠢᠨ ᠨᠠᠮ᠎ᠤᠨ ᠭᠡᠰᠢᠭᠦᠨ᠎ᠤ ᠤᠯᠤᠰ ᠲᠥᠷᠥ ᠵᠢᠨ ᠠᠮᠢᠳᠤᠷᠠᠯ᠎ᠤᠨ ᠣᠷᠳᠣᠨ᠂ ᠦᠦᠰᠢᠨ ᠬᠣᠰᠢᠭᠤᠨ᠎ᠤ ᠨᠠᠮᠴᠢ ᠴᠢᠨᠠᠷ᠎ᠤᠨ ᠬᠥᠮᠦᠵᠢᠯ᠎ᠤᠨ ᠭᠣᠤᠯ ᠰᠡᠳᠦᠪᠲᠦ ᠣᠷᠳᠣᠨ᠂ ᠬᠠᠩᠭᠢᠨ ᠬᠣᠰᠢᠭᠤᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠦᠵᠡᠭᠦᠯᠭᠡ ᠵᠢᠨ ᠲᠢᠩᠬᠢᠮ᠂ ᠣᠲᠣᠭ ᠬᠣᠰᠢᠭᠤᠨ᠎ᠤ ᠲᠤᠭᠤᠷᠢᠮ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠪᠣᠯᠪᠠᠰᠤᠷᠠᠯ᠎ᠤᠨ ᠲᠥᠪ᠂ ᠣᠲᠣᠭ᠎ᠤᠨ ᠡᠮᠦᠨᠡᠲᠦ ᠬᠣᠰᠢᠭᠤᠨ᠎ᠤ ᠲᠠᠩᠰᠠ ᠡᠪᠬᠡᠮᠡᠯ ᠲᠡᠦᠬᠡ ᠣᠢ᠌ᠯᠠᠯᠭ᠎ᠠ ᠵᠢᠨ ᠣᠷᠳᠣᠨ ᠵᠡᠷᠭᠡ 6 ᠪᠣᠶ  ᠃
     《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ》ᠪᠣᠯ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠎ᠢ ᠥᠷᠨᠢᠭᠦᠯᠬᠦ ᠴᠢᠬᠤᠯᠠ ᠡᠬᠢ ᠪᠠᠶᠠᠯᠢᠭ ᠪᠠ ᠠᠴᠢᠶᠠᠯᠠᠪᠤᠷᠢ ᠪᠣᠯᠬᠤ ᠪᠥᠭᠡᠳ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠢ ᠥᠷᠨᠢᠭᠦᠯᠵᠦ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠴᠢᠬᠤᠯᠠ ᠵᠢᠭᠰᠠᠭ᠋ᠠᠯ᠎ᠤᠨ ᠭᠠᠵᠠᠷ ᠪᠣᠯᠤᠨ᠎ᠠ  ᠃ ᠣᠷᠳᠣᠰ᠎ᠤᠨ ᠮᠦᠽᠧᠶ᠎ᠨᠢ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ ᠪᠠ ᠲᠡᠦᠬᠡ ᠰᠣᠶᠣᠯ᠎ᠤᠨ ᠤᠬᠠᠭᠤᠯᠭ᠎ᠠ ᠵᠢᠨ ᠴᠢᠬᠤᠯᠠ ᠵᠢᠭᠰᠠᠭ᠋ᠠᠯ᠎ᠤᠨ ᠭᠠᠵᠠᠷ ᠪᠣᠯᠤᠭᠰᠠᠨ᠎ᠤ ᠬᠤᠪᠢ᠎ᠳᠤ᠂ ᠪᠦᠬᠦ ᠣᠷᠳᠣᠨ᠎ᠤ ᠠᠵᠢᠯᠲᠠᠨ ᠠᠵᠢᠯᠴᠢᠨ ᠤᠬᠠᠮᠰᠠᠷ᠎ᠠᠴᠠ᠎ᠪᠠᠨ ᠡᠬᠡ ᠤᠯᠤᠰ᠎ᠤᠨ ᠨᠢᠭᠡᠳᠦᠯ᠎ᠢ ᠬᠠᠮᠠᠭ᠋ᠠᠯᠬᠤ᠂ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ ᠎ᠢ ᠪᠤᠢ ᠪᠤᠯᠭ᠋ᠠᠵᠤ ᠣᠷᠳᠣᠨ ᠪᠠᠢ᠌ᠭᠤᠯᠤᠭᠰᠠᠨ᠎ᠠᠴᠠ ᠨᠠᠭ᠋ᠠᠰᠢ ᠶᠡᠷᠦ᠎ᠨᠢ ᠪᠣᠳᠠᠲᠠᠶ᠎ᠳᠤ ᠰᠠᠭᠤᠷᠢᠯᠡᠨ   ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠵᠢ ᠥᠷᠭᠡᠨ ᠵᠶ᠋ᠡᠷ ᠥᠷᠨᠢᠬᠦᠯᠵᠦ᠂ ᠡᠬᠡ ᠣᠷᠣᠨᠴᠢ ᠦᠵᠡᠯ ᠵᠶ᠋ᠡᠷ ᠭᠣᠣᠯᠯᠠᠭᠤᠯᠤᠭᠰᠠᠨ ᠳᠤᠮᠳᠠᠳᠤ ᠵᠢᠨ ᠦᠨᠳᠦᠰᠦᠲᠡᠨ᠎ᠤ ᠵᠣᠷᠢᠭ ᠰᠠᠨᠠᠭ᠎ᠠ ᠵᠢ   ᠶᠡᠬᠡ᠎ᠪᠠᠷ ᠪᠠᠳᠠᠷᠠᠭᠤᠯᠵᠤ᠂ ᠮᠦᠽᠧᠶ᠎ᠳᠤ ᠬᠠᠳᠠᠭ᠋ᠠᠯᠠᠵᠤ ᠪᠠᠢ᠌ᠭ᠎ᠠ ᠡᠯᠪᠡᠭ ᠪᠠᠶᠠᠯᠢᠭ ᠡᠳ᠋ ᠪᠣᠳᠠᠰ ᠪᠠ ᠣᠨᠴᠠᠯᠢᠭ ᠪᠦᠬᠦᠢ ᠨᠡᠢ᠌ᠭᠡᠮ᠎ᠤᠨ ᠬᠥᠮᠦᠵᠢᠯ ᠤᠬᠠᠭᠤᠯᠭ᠎ᠠ ᠵᠢᠨ ᠠᠵᠢᠯᠯᠠᠭ᠎ᠠ᠎ᠳᠤ ᠲᠦᠰᠢᠭᠯᠡᠨ ᠰᠣᠶᠣᠯ᠎ᠤᠨ ᠠᠵᠢᠯ᠎ᠢ ᠦᠨᠡᠨ ᠬᠦ᠌ ᠪᠣᠳᠠᠲᠠᠢ᠎ᠳᠤ ᠨᠡᠢ᠌ᠴᠡᠬᠦᠯᠵᠦ ᠤᠯᠡᠠ ᠲᠦᠮᠡᠨ᠎ᠲᠠᠢ ᠤᠢ᠌ᠷᠠᠲᠤᠭᠤᠯᠵᠤ ᠣᠨᠴᠠᠯᠢᠭ ᠵᠶ᠋ᠠᠨ ᠲᠤᠪᠤᠢ᠌ᠯᠭ᠋ᠠᠨ   ᠨᠡᠢ᠌ᠭᠡᠮ᠎ᠤᠨ ᠦᠢ᠍ᠯᠡᠴᠢᠯᠡᠭᠡᠨ᠎ᠤ ᠴᠢᠳᠠᠮᠵᠢ ᠵᠢ ᠭᠦᠢ᠍ᠴᠡᠳ ᠪᠠᠳᠠᠷᠠᠭᠤᠯᠤᠨ ᠣᠯᠠᠨ ᠨᠡᠢ᠌ᠲᠡ᠎ᠳᠤ ᠨᠡᠢ᠌ᠲᠡ ᠵᠢᠨ ᠠᠰᠠᠷᠠᠮᠵᠢ ᠵᠢᠨ ᠴᠢᠨᠠᠷᠲᠠᠶ ᠰᠣᠶᠣᠯ᠎ᠤᠨ ᠦᠢᠯᠡᠴᠢᠯᠡᠭᠡ ᠵᠢ ᠲᠠᠰᠤᠷᠠᠯᠲᠠ ᠥᠬᠡᠶ ᠬᠠᠩᠭ᠋ᠠᠵᠤ᠂ ᠣᠷᠳᠣᠰ ᠬᠣᠲᠠ ᠵᠢᠨ ᠰᠣᠶᠣᠯ᠎ᠤᠨ ᠪᠠᠢ᠌ᠭᠤᠯᠤᠯᠲᠠ ᠵᠢᠨ ᠦᠢᠯᠡᠰ᠂ ᠪᠦᠯᠬᠦᠮᠳᠡᠯ ᠳᠠᠪᠰᠢᠯᠲᠠ ᠵᠢᠨ ᠦᠢ᠍ᠯᠡᠰ᠂ ᠡᠶ᠎ᠡ   ᠵᠤᠬᠢᠴᠠᠯᠲᠦ ᠣᠷᠳᠣᠰ᠎ᠢ ᠴᠣᠭᠴᠠᠯᠠᠨ ᠪᠠᠢ᠌ᠭᠤᠯᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ  ᠃
      ᠣᠷᠳᠣᠰ᠎ᠤᠨ ᠮᠦᠽᠧᠶ᠎ᠨᠢ ᠲᠣᠰ ᠤᠳᠠᠭ᠋ᠠᠨ ᠎ᠤ ᠫᠠᠢ᠌ᠰᠠ ᠣᠯᠭᠣᠬᠤ᠎ᠪᠠᠷ ᠠᠵᠠ ᠲᠣᠬᠢᠶᠠᠯ ᠪᠣᠯᠭ᠋ᠠᠵᠤ ᠤᠯᠤᠰ ᠵᠶ᠋ᠠᠨ ᠬᠠᠢ᠌ᠷᠠᠯᠠᠬᠤ ᠦᠵᠡᠯ᠎ᠤᠨ ᠬᠥᠮᠦᠵᠢᠯ᠎ᠤᠨ ᠰᠠᠭᠤᠷᠢᠨ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠰᠠᠭᠤᠷᠢᠨ ᠭᠠᠵᠠᠷ᠎ᠤᠨ ᠦᠢᠯᠡᠳᠦᠯ᠎ᠢ ᠦᠷᠭᠦᠯᠵᠢᠯᠡᠨ ᠰᠠᠢ᠌ᠲᠤᠷ ᠪᠠᠳᠠᠷᠠᠭᠤᠯᠵᠤ᠂ ᠣᠷᠳᠣᠰ ᠬᠣᠲᠠ ᠵᠢᠨ ᠦᠨᠳᠦᠰᠦᠲᠡᠨ᠎ᠤ ᠪᠦᠯᠬᠦᠮᠳᠡᠯ᠎ᠤᠨ ᠦᠢᠯᠡᠰ᠎ᠲᠤ ᠨᠠᠩ ᠶᠡᠬᠡ ᠬᠤᠪᠢ ᠨᠡᠮᠡᠷᠢ   ᠦᠵᠡᠬᠦᠯᠦᠨ᠎ᠡ᠃

ᠢᠷᠡᠯᠲᠡ᠄ ᠣᠷᠳᠣᠰ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠥᠨᠳᠡᠯᠡᠨ ᠲᠣᠭᠣᠷᠢᠭ᠎ᠤᠨ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠲᠥᠪ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠠᠮᠤᠷ ᠲᠦᠪᠰᠢᠨ᠎ᠤ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠵᠤ ᠥᠷᠨᠢᠭᠦᠯᠪᠡ
ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ (ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ) ᠰᠠᠢ᠌ᠬᠠᠨ ᠲᠣᠭᠣᠷᠢᠭ᠎ᠤᠨ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠳᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ᠎ᠬᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠴᠠᠭ᠋ᠠᠯᠲᠠ ᠬᠢᠪᠡ
ᠴᠡᠴᠡᠭ ᠳᠡᠯᠭᠡᠷᠡᠬᠦ ᠤᠷᠢᠬᠠᠨ ᠬᠠᠪᠤᠷ ᠵᠶ᠋ᠠᠷ ᠪᠢᠴᠢᠭ᠎ᠤᠨ ᠦᠨᠦᠷ᠎ᠢ ᠲᠦᠮᠡᠨ᠎ᠳᠤ ᠲᠦᠭᠡᠭᠡᠶ᠎ᠡ — ᠨᠣᠮ᠎ᠤᠨ ᠰᠠᠩ᠎ᠳᠤ ᠠᠮᠠᠷᠠᠯᠲᠠ᠎ᠪᠠᠨ ᠥᠩᠭᠡᠷᠡᠭᠦᠯᠦᠨ᠎ᠡ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠠᠯᠠᠱ᠌ᠠ ᠠᠢ᠌ᠮᠠᠭ᠎ᠤᠨ ᠬᠤᠪᠢᠶᠠᠷᠢ ᠪᠠᠩᠬᠢ ᠰᠠᠭᠤᠳᠠᠯ᠎ᠤᠨ ᠬᠤᠷᠠᠯ ᠬᠤᠷᠠᠯᠳᠤᠭᠤᠯᠪᠠ
2022 ᠣᠨ᠎ᠤ ᠰᠢᠯᠢ ᠵᠢᠨ ᠭᠣᠤᠯ ᠠᠢ᠌ᠮᠠᠭ᠎ᠤᠨ ᠲᠠᠢ᠌ᠪᠤᠰᠧ ᠬᠣᠰᠢᠭᠤᠨ᠎ᠤ ᠬᠦᠢᠯᠡᠰᠦᠨ ᠴᠡᠴᠡᠭ᠎ᠤᠨ ᠤᠯᠠᠷᠢᠯ ᠤᠳᠠᠯ ᠥᠬᠡᠶ ᠡᠬᠢᠯᠡᠬᠦ᠎ᠪᠠᠷ ᠪᠣᠶ
 
            