ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ (ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ) ᠰᠠᠢ᠌ᠬᠠᠨ ᠲᠣᠭᠣᠷᠢᠭ᠎ᠤᠨ ᠪᠥᠬᠥ ᠤᠯᠤᠰ᠎ᠤᠨ ᠭᠣᠤᠯᠳᠠᠯᠭ᠎ᠠ᠎ᠲᠠᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠵᠢᠨ ᠨᠢᠭᠡᠴᠢ᠎ᠳᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ᠎ᠬᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠮᠤᠷ ᠲᠦᠪᠰᠢᠨ ᠵᠢᠴᠢ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠴᠠᠭ᠋ᠠᠯᠲᠠ ᠬᠢᠪᠡ
ᠨᠡᠶᠢᠲᠡᠯᠡᠭᠰᠡᠨ ᠴᠠᠭ᠄ 2022-04-10

      ᠣᠢ᠌ᠷ᠎ᠠ᠎ᠳᠤ᠂ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠸᠠᠩ ᠵᠢᠩ ᠲᠣᠪᠴᠢᠶ᠎ᠠ ᠵᠢᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠢᠨᠠᠨ ᠪᠠᠢ᠌ᠴᠠᠭ᠋ᠠᠬᠤ ᠰᠠᠯᠠᠭ᠎ᠠ ᠵᠢ ᠳᠠᠭ᠋ᠠᠭᠤᠯᠤᠨ ᠬᠣᠲᠠ ᠵᠢᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠬᠠᠮᠠᠭ᠋ᠠᠯᠠᠯᠲᠠ ᠬᠢᠭᠡᠳ ᠬᠠᠭᠤᠴᠢ ᠰᠤᠳᠤᠯᠤᠯ᠎ᠤᠨ ᠲᠥᠪ᠂ ᠰᠠᠢ᠌ᠬᠠᠨ ᠲᠣᠭᠣᠷᠢᠭ᠎ᠤᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠠᠵᠢᠯᠲᠠᠨ᠎ᠤ ᠪᠠᠷ᠎ᠠ ᠪᠣᠯᠣᠯᠭ᠎ᠠ᠎ᠲᠠᠢ᠎ᠪᠠᠷ ᠴᠠᠭ᠋ᠠᠨ ᠰᠤᠪᠤᠷᠭ᠎ᠠ ᠭᠠᠯᠲᠤ ᠲᠡᠷᠭᠡᠨ ᠥᠷᠲᠡᠭᠡ᠂ ᠸᠠᠨ ᠪᠦ᠋ ᠬᠤᠸᠠ ᠶᠠᠨ ᠰᠤᠪᠤᠷᠭ᠎ᠠ᠂ ᠹᠸᠩᠵᠸᠤ ᠵᠢᠨ ᠬᠠᠭᠤᠴᠢᠨ ᠬᠣᠲᠠ᠎ᠳᠤ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ᠎ᠬᠢ ᠲᠡᠦᠬᠡ ᠵᠢᠨ ᠳᠤᠷᠠᠰᠬᠠᠯᠲᠤ ᠵᠦᠢᠯᠡᠰ᠎ᠤᠨ ᠠᠶᠤᠯ ᠦᠭᠡᠢ ᠦᠢᠯᠡᠳᠪᠦᠷᠢᠯᠡᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠡᠷᠭᠡ ᠠᠵᠢᠯ᠎ᠢ ᠬᠢᠨᠠᠨ ᠵᠢᠯᠣᠭᠣᠳᠴᠤ ᠪᠠᠢ᠌ᠴᠠᠭ᠋ᠠᠪᠠ᠃
      ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠡᠯ᠎ᠡ ᠲᠡᠦᠬᠡ ᠵᠢᠨ ᠳᠤᠷᠠᠰᠬᠠᠯᠲᠤ ᠵᠦᠢ᠍ᠯᠡᠰ᠎ᠤᠨ ᠬᠠᠮᠠᠭ᠋ᠠᠯᠠᠯᠲᠠ ᠵᠢᠨ ᠨᠢᠭᠡᠴᠢ ᠵᠢᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠪᠡᠯᠡᠳᠬᠡᠯ ᠲᠥᠰᠦᠯ᠂ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠷᠭ᠎ᠠ ᠬᠡᠮᠵᠢᠢ᠎ᠡ᠂ ᠭᠠᠯ ᠰᠡᠷᠭᠡᠢ᠌ᠯᠡᠬᠦ ᠭᠠᠯ ᠤᠨᠲᠠᠷᠠᠭ᠋ᠠᠬᠤ ᠲᠤᠨᠤᠭ ᠲᠥᠬᠥᠭᠡᠷᠦᠮᠵᠢ ᠵᠡᠷᠭᠡ ᠬᠣᠯᠪᠣᠭᠳᠠᠯ ᠪᠦᠬᠦᠢ ᠠᠵᠢᠯ᠎ᠢ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠠᠢ᠌ᠴᠠᠭ᠋ᠠᠪᠠ  ᠃ ᠡᠭᠦᠨ᠎ᠤ ᠬᠠᠮᠲᠤ᠂ ᠨᠢᠭᠡ᠎ᠳᠤ᠂ ᠣᠳᠣᠬᠠᠨ᠎ᠳᠤ ᠪᠥᠬᠥ ᠤᠯᠤᠰ᠎ᠤᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠪᠠᠢ᠌ᠳᠠᠯ ᠬᠦᠨᠳᠦ ᠨᠣᠴᠢᠲᠠᠶ ᠪᠠᠢ᠌ᠨ᠎ᠠ᠂ ᠡᠯ᠎ᠡ ᠨᠢᠭᠡᠴᠢ ᠵᠢᠨ᠎ᠬᠢᠨ ᠲᠠᠢ᠌ᠪᠤᠰᠢᠷᠠᠬᠤ ᠦᠵᠡᠯ ᠰᠠᠨᠠᠭ᠎ᠠ ᠪᠣᠯᠤᠨ ᠠᠵᠠ ᠬᠠᠷᠠᠬᠤ ᠪᠣᠳᠣᠯ ᠵᠶ᠋ᠠᠨ ᠲᠡᠪᠴᠢᠵᠦ᠂ ᠬᠣᠲᠠ ᠵᠢᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢᠯᠣᠭᠣᠳᠬᠤ ᠭᠠᠵᠠᠷ᠎ᠤᠨ ᠱᠠᠭ᠋ᠠᠷᠳᠠᠯᠭ᠎ᠠ ᠶᠣᠰᠣᠭ᠋ᠠᠷ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ᠎ᠢ ᠴᠢᠩᠭ᠎ᠠ   ᠨᠢᠮᠪᠠᠢ ᠨᠠᠢ᠌ᠳᠠᠪᠤᠷᠢᠵᠢᠭᠤᠯᠵᠤ᠂《ᠲᠣᠭ᠎ᠠ ᠬᠡᠮᠵᠢᠶ᠎ᠡ ᠵᠢ ᠬᠢᠵᠠᠭ᠋ᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ᠎ᠤᠨ ᠬᠤᠭᠤᠴᠠᠭ᠎ᠠ ᠵᠢ ᠵᠥᠷᠢᠭᠦᠯᠬᠦ》 ᠶᠡᠷᠦᠩᠬᠡᠶ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠵᠢᠭᠤᠯᠴᠢᠯᠠᠭᠴᠢᠳ᠎ᠢ ᠭᠥᠯᠢᠶᠡᠨ ᠠᠪᠬᠤ ᠳᠡᠭᠡᠳᠦ ᠬᠢᠵᠠᠭ᠋ᠠᠷ᠎ᠢ ᠵᠣᠬᠢᠰᠲᠠᠶ ᠲᠣᠬᠢᠷᠠᠭᠤᠯᠵᠤ᠂ ᠵᠠᠷᠴᠢᠮ ᠳᠡᠭᠡᠷ᠎ᠡ᠎ᠪᠠᠨ ᠬᠢᠨᠠᠨ ᠲᠣᠭᠲᠠᠭ᠋ᠠᠭᠰᠠᠨ ᠬᠥᠮᠦᠨ᠎ᠤ ᠲᠣᠭ᠎ᠠ ᠵᠢᠨ 50 %᠎ᠠᠴᠠ ᠬᠡᠲᠦᠷᠡᠭᠦᠯᠵᠦ ᠪᠣᠯᠬᠤ ᠥᠬᠡᠶ᠃ ᠬᠣᠶᠠᠷ᠎ᠲᠤ᠂ ᠪᠠᠶᠠᠷ᠎ᠤᠨ ᠡᠳᠦᠷ᠎ᠤᠨ ᠬᠤᠭᠤᠴᠠᠭ᠋ᠠᠨ᠎ᠳᠤ᠎ᠬᠢ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠪᠡᠯᠡᠳᠬᠡᠯ ᠲᠥᠰᠦᠯ ᠵᠢᠴᠢ ᠴᠠᠬᠢᠯᠭ᠋ᠠᠨ ᠬᠡᠷᠡᠭᠯᠡᠬᠦ᠂ ᠤᠰᠤ ᠬᠡᠷᠡᠭᠯᠡᠬᠦ᠂ ᠰᠢᠲᠠᠮᠠᠬᠠᠶ ᠬᠡᠶ ᠵᠡᠷᠭᠡ ᠳᠠᠯᠳᠠ ᠬᠡᠮ᠎ᠢ ᠰᠢᠯᠭ᠋ᠠᠨ ᠪᠠᠢ᠌ᠴᠠᠭ᠋ᠠᠬᠤ ᠠᠵᠢᠯ᠎ᠢ ᠰᠠᠢ᠌ᠲᠤᠷ ᠬᠢᠬᠦ ᠬᠡᠷᠡᠭᠲᠡᠶ᠃ ᠭᠤᠷᠪᠠ᠎ᠳᠤ᠂ ᠡᠯ᠎ᠡ   ᠨᠢᠭᠡᠴᠢ᠎ᠨᠦᠭᠦᠳ ᠴᠠᠭ ᠲᠤᠬᠠᠶ᠎ᠳᠤ᠎ᠨᠢ ᠲᠣᠬᠢᠷᠠᠭᠤᠯᠤᠨ ᠪᠠᠢ᠌ᠷᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ ᠵᠢᠨ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠴᠠᠭ ᠲᠤᠬᠠᠶ᠎ᠳᠤ᠎ᠨᠢ ᠥᠪᠡᠰᠦᠪᠡᠨ ᠪᠠᠢ᠌ᠴᠠᠭ᠋ᠠᠵᠤ᠂ ᠪᠠᠢ᠌ᠴᠠᠭ᠋ᠠᠭ᠋ᠠᠳ ᠠᠮᠤᠷ ᠲᠦᠪᠰᠢᠨ᠎ᠤ ᠳᠠᠯᠳᠠ ᠭᠡᠮ᠎ᠤᠨ ᠠᠰᠠᠭᠤᠳᠠᠯ᠎ᠢ ᠣᠯᠵᠤ ᠮᠡᠳᠡᠪᠡᠯ ᠴᠡᠭᠴᠡᠯᠡᠨ ᠰᠠᠢ᠌ᠵᠢᠷᠠᠭᠤᠯᠵᠤ ᠪᠣᠯᠬᠤ ᠵᠢ᠎ᠨᠢ ᠳᠠᠷᠤᠢ᠌ᠬᠠᠨ ᠴᠡᠭᠴᠡᠯᠡᠨ ᠰᠠᠢ᠌ᠵᠢᠷᠠᠭᠤᠯᠵᠤ᠂ ᠴᠡᠭᠴᠡᠯᠡᠨ ᠰᠠᠢ᠌ᠵᠢᠷᠠᠭᠤᠯᠵᠤ ᠳᠡᠢ᠌ᠯᠬᠦ ᠦᠭᠡᠶ ᠵᠢ᠎ᠨᠢ ᠡᠷᠡᠰ ᠬᠠᠭ᠋ᠠᠵᠤ ᠵᠣᠭᠰᠣᠭ᠋ᠠᠬᠤ ᠬᠡᠷᠡᠭᠲᠡᠶ᠂ ᠡᠯ᠎ᠡ ᠵᠦᠢᠯ᠎ᠤᠨ ᠪᠡᠯᠡᠳᠬᠡᠮᠵᠢ ᠲᠥᠬᠥᠭᠡᠷᠦᠮᠵᠢ ᠵᠢᠨ ᠭᠡᠮ ᠰᠤᠭᠤᠭ᠎ᠲᠠᠢ᠎ᠪᠠᠷ ᠠᠵᠢᠯᠯᠠᠬᠤ ᠵᠢ ᠡᠷᠡᠰ ᠵᠥᠪᠰᠢᠶᠡᠷᠡᠬᠦ ᠦᠭᠡᠶ᠃ ᠣᠯᠵᠤ ᠮᠡᠳᠡᠭᠰᠡᠨ ᠡᠯ᠎ᠡ ᠲᠥᠷᠥᠯ᠎ᠤᠨ ᠬᠦᠨᠳᠦ ᠶᠡᠬᠡ ᠠᠮᠤᠷ ᠲᠦᠪᠰᠢᠨ᠎ᠤ ᠳᠠᠯᠳᠠ ᠭᠡᠮ᠎ᠤᠨ ᠠᠰᠠᠭᠤᠳᠠᠯ᠎ᠢ ᠴᠠᠭ ᠲᠤᠬᠠᠶ ᠎ᠳᠤ᠎ᠨᠢ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭ᠋ᠠᠷᠳᠠᠪᠠ  ᠃  

ᠢᠷᠡᠯᠲᠡ᠄ ᠬᠥᠬᠡᠬᠣᠲᠠ ᠵᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠴᠡᠴᠡᠭ ᠳᠡᠯᠭᠡᠷᠡᠬᠦ ᠤᠷᠢᠬᠠᠨ ᠬᠠᠪᠤᠷ ᠵᠶ᠋ᠠᠷ ᠪᠢᠴᠢᠭ᠎ᠤᠨ ᠦᠨᠦᠷ᠎ᠢ ᠲᠦᠮᠡᠨ᠎ᠳᠤ ᠲᠦᠭᠡᠭᠡᠶ᠎ᠡ — ᠨᠣᠮ᠎ᠤᠨ ᠰᠠᠩ᠎ᠳᠤ ᠠᠮᠠᠷᠠᠯᠲᠠ᠎ᠪᠠᠨ ᠥᠩᠭᠡᠷᠡᠭᠦᠯᠦᠨ᠎ᠡ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠠᠯᠠᠱ᠌ᠠ ᠠᠢ᠌ᠮᠠᠭ᠎ᠤᠨ ᠬᠤᠪᠢᠶᠠᠷᠢ ᠪᠠᠩᠬᠢ ᠰᠠᠭᠤᠳᠠᠯ᠎ᠤᠨ ᠬᠤᠷᠠᠯ ᠬᠤᠷᠠᠯᠳᠤᠭᠤᠯᠪᠠ
2022 ᠣᠨ᠎ᠤ ᠰᠢᠯᠢ ᠵᠢᠨ ᠭᠣᠤᠯ ᠠᠢ᠌ᠮᠠᠭ᠎ᠤᠨ ᠲᠠᠢ᠌ᠪᠤᠰᠧ ᠬᠣᠰᠢᠭᠤᠨ᠎ᠤ ᠬᠦᠢᠯᠡᠰᠦᠨ ᠴᠡᠴᠡᠭ᠎ᠤᠨ ᠤᠯᠠᠷᠢᠯ ᠤᠳᠠᠯ ᠥᠬᠡᠶ ᠡᠬᠢᠯᠡᠬᠦ᠎ᠪᠠᠷ ᠪᠣᠶ
ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠤᠯᠠᠭ᠋ᠠᠨᠮᠥ᠋ᠴᠢᠷ 《ᠪᠠᠶᠠᠷ ᠪᠠᠶᠠᠰᠤᠯ ᠬᠦᠷᠭᠡᠵᠦ ᠪᠣᠯᠪᠠᠰᠤᠨ ᠰᠤᠷᠲᠠᠯ ᠬᠦᠷᠭᠡᠬᠦ》 ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ 《ᠬᠣᠶᠠᠷ᠎ᠢ ᠴᠤᠭᠴᠠᠯᠠᠬᠤ》 ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
 
            