ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠪᠣᠯᠤᠨ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠠᠯᠠᠱ᠌ᠠ ᠠᠢ᠌ᠮᠠᠭ᠎ᠤᠨ ᠬᠤᠪᠢᠶᠠᠷᠢ ᠪᠠᠩᠬᠢ ᠰᠠᠭᠤᠳᠠᠯ᠎ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄ 2022-04-23

     4 ᠳ᠋ᠦ᠍ᠭᠡᠷ ᠰᠠᠷ᠎ᠠ ᠵᠢᠨ 19᠎ᠤ ᠡᠳᠦᠷ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠣᠪᠴᠢᠶᠠᠨ ᠳᠠᠷᠤᠭ᠎ᠠ ᠨᠠᠷᠠᠨᠲᠤᠶᠠᠭ᠎ᠠ ᠰᠠᠭᠤᠳᠠᠯ᠎ᠤᠨ ᠬᠤᠷᠠᠯ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠬᠥᠭᠵᠢᠭᠦᠯᠦᠯᠲᠡ ᠵᠢᠨ ᠪᠠᠩᠬᠢ ᠵᠢᠨ ᠠᠯᠠᠱ᠌ᠠ ᠠᠢ᠌ᠮᠠᠭ᠎ᠤᠨ ᠬᠤᠪᠢᠶᠠᠷᠢ ᠪᠠᠩᠬᠢ ᠵᠢᠨ᠎ᠬᠢᠨ᠎ᠲᠠᠢ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠢ ᠨᠡᠭᠡᠭᠡᠨ ᠬᠥᠭᠵᠢᠭᠦᠯᠵᠦ ᠡᠵᠡᠩᠨᠡᠬᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠪᠠᠯᠠ ᠳᠣᠭᠢᠷᠠᠭᠤᠯᠬᠤ᠎ᠳᠤ ᠬᠦᠴᠢᠷᠲᠡᠶ ᠪᠠᠢ᠌ᠬᠤ ᠠᠰᠠᠭᠤᠳᠠᠯ᠎ᠢ ᠰᠢᠢᠳᠪᠦᠷᠢᠯᠡᠬᠦ ᠵᠡᠷᠭᠡ ᠲᠠᠯ᠎ᠠ᠎ᠪᠠᠷ ᠭᠦᠨᠵᠡᠭᠡᠶ ᠰᠤᠳᠤᠯᠤᠨ ᠶᠠᠷᠢᠯᠴᠠᠵᠤ ᠰᠠᠨᠠᠯ ᠵᠶ᠋ᠠᠨ ᠰᠣᠯᠢᠯᠴᠠᠪᠠ᠃ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ ᠰᠠᠭᠤᠳᠠᠯ᠎ᠤᠨ ᠬᠤᠷᠠᠯ᠎ᠳᠤ ᠣᠷᠣᠯᠴᠠᠪᠠ᠃
      ᠬᠤᠷᠠᠯ᠎ᠠᠴᠠ᠂ ᠣᠢ᠌ᠷ᠎ᠠ ᠵᠢᠨ ᠵᠢᠯ᠎ᠤᠨ ᠲᠤᠷᠰᠢ᠂ ᠬᠢᠵᠢᠭ᠎ᠤᠨ ᠨᠥᠯᠥᠭᠡ᠎ᠠᠴᠠ ᠪᠣᠯᠵᠣ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠡᠵᠡᠩᠨᠡᠯᠲᠡ ᠦᠢᠯᠡᠳᠪᠦᠷᠢᠯᠡᠯ᠎ᠤᠨ ᠠᠵᠢᠯᠯᠠᠭ᠎ᠠ ᠴᠥᠮ ᠬᠦᠨᠳᠦ ᠨᠣᠴᠢᠲᠠᠶ ᠨᠥᠯᠥᠭᠡᠯᠡᠭᠳᠡᠪᠡ᠃ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ ᠲᠤᠭᠤᠯᠤᠭᠤᠯᠬᠤ ᠵᠢᠨ ᠲᠥᠯᠥᠭᠡ᠂ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠠᠰᠠᠭ᠎ᠤᠨ ᠣᠷᠳᠣᠨ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠲᠠᠪᠴᠠᠩ᠎ᠢ ᠭᠦᠢᠴᠡᠳ ᠠᠰᠢᠭᠯᠠᠨ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠪᠠᠯᠠ ᠬᠤᠷᠠᠮᠳᠤᠭᠤᠯᠬᠤ ᠬᠦᠴᠢᠷ ᠠᠰᠠᠭᠤᠳᠠᠯ᠎ᠢ ᠬᠠᠪᠰᠤᠷᠤᠨ ᠰᠢᠢᠳᠪᠦᠷᠢᠯᠡᠵᠦ᠂ ᠬᠣᠶᠠᠷ ᠲᠠᠯ᠎ᠠ᠎ᠪᠠᠷ ᠵᠶ᠋ᠠᠨ ᠵᠣᠯᠭ᠋ᠠᠯᠴᠠᠭ᠎ᠠ ᠰᠣᠯᠢᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠣᠶᠣᠯ ᠵᠢᠭᠤᠯᠴᠢᠯᠠᠯ᠎ᠤᠨ ᠲᠥᠷᠥᠯ ᠵᠦᠢᠯ᠎ᠢ ᠨᠡᠭᠡᠭᠡᠨ ᠬᠥᠭᠵᠢᠭᠦᠯᠬᠦ᠂ ᠲᠣᠰ ᠭᠠᠵᠠᠷ᠎ᠤᠨ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠭᠦᠨᠵᠡᠭᠡᠶ ᠬᠥᠭᠵᠢᠭᠦᠯᠬᠦ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠢ ᠳᠡᠮᠵᠢᠬᠦ ᠵᠡᠷᠭᠡ ᠲᠠᠯ᠎ᠠ᠎ᠪᠠᠷ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠵᠠᠬ᠎ᠠ ᠳᠡᠯᠭᠡᠭᠦᠷ᠎ᠤᠨ ᠭᠣᠤᠯ ᠴᠣᠭᠴᠠ ᠵᠢᠨ ᠬᠦᠷᠲᠡᠮᠵᠢ ᠵᠢᠨ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠨᠠᠩ ᠰᠠᠢ᠌ᠲᠤᠷ ᠬᠥᠭᠵᠢᠭᠡᠬᠦ ᠵᠢ ᠬᠦᠰᠡᠵᠦ ᠪᠠᠢ᠌ᠨ᠎ᠠ ᠭᠡᠵᠦ ᠵᠢᠭ᠋ᠠᠵᠤ ᠭᠠᠷᠭ᠋ᠠᠪᠠ᠃
      ᠲᠠᠷᠠᠭ᠋ᠠᠴᠢ ᠵᠢᠨ ᠠᠯᠬᠤᠮ᠎ᠳᠤ᠂ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠵᠠᠰᠠᠭ᠎ᠤᠨ ᠣᠷᠳᠣᠨ ᠪᠠᠩᠬᠢ ᠠᠵᠤ ᠠᠬᠤᠢ᠌ᠯᠠᠯ᠎ᠢ ᠵᠣᠯᠭ᠋ᠠᠭᠤᠯᠬᠤ ᠲᠠᠪᠴᠠᠩ᠎ᠢ ᠰᠠᠢ᠌ᠲᠤᠷ ᠬᠡᠷᠡᠭᠯᠡᠭᠰᠡᠨ ᠰᠠᠭᠤᠷᠢᠨ ᠳᠡᠭᠡᠷ᠎ᠡ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠢ ᠬᠠᠪᠰᠤᠷᠤᠨ ᠪᠣᠳᠠᠲᠠᠶ ᠬᠦᠴᠢᠷᠳᠡᠯ᠎ᠢ᠎ᠨᠢ ᠦᠨᠡᠨ ᠬᠦ᠌ ᠰᠢᠢᠳᠪᠦᠷᠢᠯᠡᠵᠦ᠂ ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠡᠷᠡᠭᠦᠯ ᠵᠶ᠋ᠡᠷ ᠬᠦᠴᠦᠷᠬᠡᠭᠵᠢᠬᠦ ᠵᠢ ᠠᠬᠢᠭᠤᠯᠤᠨ᠎ᠠ᠃

ᠢᠷᠡᠯᠲᠡ᠄ ᠠᠯᠠᠱ᠌ᠠ ᠠᠢ᠌ᠮᠠᠭ᠎ᠤᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ ᠰᠢᠯᠢ ᠵᠢᠨ ᠭᠣᠤᠯ ᠠᠢ᠌ᠮᠠᠭ᠎ᠤᠨ ᠲᠠᠢ᠌ᠪᠤᠰᠧ ᠬᠣᠰᠢᠭᠤᠨ᠎ᠤ ᠬᠦᠢᠯᠡᠰᠦᠨ ᠴᠡᠴᠡᠭ᠎ᠤᠨ ᠤᠯᠠᠷᠢᠯ ᠤᠳᠠᠯ ᠥᠬᠡᠶ ᠡᠬᠢᠯᠡᠬᠦ᠎ᠪᠠᠷ ᠪᠣᠶ
ᠳᠠᠷᠬᠠᠨ ᠮᠤᠤᠮᠢᠩᠭ᠋ᠠᠨ ᠬᠣᠯᠪᠣᠭ᠋ᠠᠲᠤ ᠬᠣᠰᠢᠭᠤᠨ᠎ᠤ ᠤᠯᠠᠭ᠋ᠠᠨᠮᠥ᠋ᠴᠢᠷ 《ᠪᠠᠶᠠᠷ ᠪᠠᠶᠠᠰᠤᠯ ᠬᠦᠷᠭᠡᠵᠦ ᠪᠣᠯᠪᠠᠰᠤᠨ ᠰᠤᠷᠲᠠᠯ ᠬᠦᠷᠭᠡᠬᠦ》 ᠰᠠᠢ᠌ᠨ ᠳᠤᠷ᠎ᠠ ᠵᠢᠨ ᠦᠢᠯᠡᠴᠢᠯᠡᠭᠡᠨ᠎ᠤ ᠠᠵᠢᠯᠯᠠᠭ᠎ᠠ ᠥᠷᠨᠢᠭᠦᠯᠪᠡ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ 《ᠬᠣᠶᠠᠷ᠎ᠢ ᠴᠤᠭᠴᠠᠯᠠᠬᠤ》 ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ
ᠬᠢᠩᠭ᠋ᠠᠨ ᠠᠢ᠌ᠮᠠᠭ᠎ᠤᠨ ᠰᠣᠶᠣᠯ ᠵᠢᠭᠤᠯᠴᠢᠯᠠᠯ ᠪᠡᠶ᠎ᠡ ᠵᠢᠨ ᠲᠠᠮᠢᠷ᠎ᠤᠨ ᠰᠢᠰᠲ᠋ᠧᠮ 《5.1》᠎ᠤ ᠠᠮᠠᠷᠠᠯᠲᠠ ᠵᠢᠨ ᠬᠤᠭᠤᠴᠠᠭ᠋ᠠᠨ᠎ᠤ ᠠᠶᠤᠯ ᠦᠭᠡᠢ ᠦᠢᠯᠡᠳᠪᠦᠷᠢᠯᠡᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠣᠷᠳᠣᠰ ᠬᠣᠲᠠ ᠵᠢᠨ 11 ᠰᠣᠶᠣᠯ᠎ᠤᠨ ᠡᠷᠦᠬᠡ 2022 ᠣᠨ᠎ᠤ ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠵᠢᠱ᠌ᠢᠶ᠎ᠡ ᠦᠵᠡᠭᠦᠯᠬᠦ ᠰᠣᠶᠣᠯ᠎ᠤᠨ ᠡᠷᠦᠬᠡ᠎ᠪᠠᠷ ᠦᠨᠡᠯᠡᠭᠳᠡᠪᠡ
 
            