ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠰᠤᠷᠠᠭ ᠵᠠᠩᠬᠢ
ᠬᠡᠷᠡᠭᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠶ᠋ᠢᠮᠠᠭ ᠬᠤᠲᠠ᠎ᠶᠢᠨ ᠰᠣᠨᠣᠰᠬᠠᠯ
《ᠳᠤᠮᠳᠠᠳᠤ ᠤᠯᠤᠰ᠎ᠤᠨ ᠬᠠᠭᠤᠴᠢ ᠰᠤᠳᠤᠯᠤᠯ — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ ᠣᠷᠣᠨ᠎ᠤ ᠡᠷᠲᠡᠮ ᠰᠢᠨᠵᠢᠯᠡᠭᠡᠨ᠎ᠤ ᠠᠵᠢᠯ ᠪᠥᠬᠥ ᠲᠠᠯ᠎ᠠ᠎ᠪᠠᠷ ᠡᠬᠢᠯᠡᠪᠡ
ᠨᠡᠶᠢᠲᠡᠯᠡᠭᠰᠡᠨ ᠴᠠᠭ᠄ 2022-04-29

      ᠣᠢ᠌ᠷ᠎ᠠ᠎ᠳᠤ᠂《ᠳᠤᠮᠳᠠᠳᠤ ᠤᠯᠤᠰ᠎ᠤᠨ ᠬᠠᠭᠤᠴᠢ ᠰᠤᠳᠤᠯᠤᠯ  — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠳᠤᠯᠭ᠋ᠠᠨ᠎ᠤ ᠳᠤᠭᠤᠢ᠌ᠯᠠᠩ ᠭᠢᠷᠢᠨ ᠶᠡᠬᠡ ᠰᠤᠷᠭ᠋ᠠᠭᠤᠯᠢ ᠵᠢᠨ ᠬᠠᠭᠤᠴᠢ ᠰᠤᠳᠤᠯᠤᠯ᠎ᠤᠨ ᠳᠡᠭᠡᠳᠦ ᠰᠤᠷᠭ᠋ᠠᠭᠤᠯᠢ᠂ ᠤᠯᠠᠭ᠋ᠠᠨᠬᠠᠳᠠ ᠵᠢᠨ ᠰᠣᠶᠣᠯ ᠦᠵᠡᠰᠬᠦᠯᠡᠩ᠎ᠤᠨ ᠬᠦᠷᠢᠶᠡᠯᠡᠩ᠂ ᠤᠯᠠᠭ᠋ᠠᠨᠬᠠᠳᠠ ᠳᠡᠭᠡᠳᠦ ᠰᠤᠷᠭ᠋ᠠᠭᠤᠯᠢ ᠵᠢᠨ ᠲᠡᠦᠬᠡ ᠰᠣᠶᠣᠯ᠎ᠤᠨ ᠳᠡᠭᠡᠳᠦ ᠰᠤᠷᠭ᠋ᠠᠭᠤᠯᠢ ᠵᠡᠷᠭᠡ ᠳᠥᠷᠪᠡᠨ ᠪᠠᠢ᠌ᠭᠤᠯᠭ᠎ᠠ ᠨᠢᠭᠡᠴᠢ᠎ᠲᠠᠢ ᠬᠠᠮᠲᠤᠷᠠᠨ ᠰᠦᠯᠵᠢᠶᠡᠨ ᠳᠡᠭᠡᠷᠡᠬᠢ ᠬᠤᠷᠠᠯ ᠬᠤᠷᠠᠯᠳᠤᠭᠤᠯᠵᠤ᠂ ᠵᠢᠱ᠌ᠢᠭᠰᠡᠨ ᠡᠷᠳᠡᠮ ᠰᠢᠨᠵᠢᠯᠡᠭᠡᠨ᠎ᠤ ᠬᠠᠷᠠᠯᠲᠠ᠂ ᠲᠥᠷᠥᠯ ᠵᠦᠢᠯ᠎ᠤᠨ ᠪᠠᠲᠤᠯᠠᠭ᠎ᠠ᠂ ᠠᠵᠢᠯ᠎ᠤᠨ ᠠᠷᠭ᠎ᠠ ᠬᠡᠯᠪᠡᠷᠢ᠂ ᠲᠣᠭ᠎ᠠ ᠪᠠᠷᠢᠮᠲᠠ ᠵᠢ ᠡᠮᠬᠢᠯᠡᠨ ᠨᠡᠢ᠌ᠯᠡᠭᠦᠯᠬᠦ ᠵᠡᠷᠭᠡ ᠠᠰᠠᠭᠤᠳᠠᠯ᠎ᠤᠨ ᠲᠤᠬᠠᠶ ᠲᠥᠪᠯᠡᠷᠡᠭᠦᠯᠦᠨ ᠰᠤᠳᠤᠯᠤᠨ ᠶᠠᠷᠢᠯᠴᠠᠭᠰᠠᠨ ᠪᠥᠭᠡᠳ ᠰᠠᠨᠠᠯ ᠨᠢᠭᠡᠳᠴᠦ᠂《ᠳᠤᠮᠳᠠᠳᠤ ᠤᠯᠤᠰ᠎ᠤᠨ ᠬᠠᠭᠤᠴᠢ ᠰᠤᠳᠤᠯᠤᠯ  — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠷᠲᠡᠮ ᠰᠢᠨᠵᠢᠯᠡᠭᠡᠨ᠎ᠤ ᠠᠵᠢᠯ ᠪᠥᠬᠥ ᠲᠠᠯ᠎ᠠ᠎ᠪᠠᠷ ᠡᠬᠢᠯᠡᠪᠡ᠃
     《ᠳᠤᠮᠳᠠᠳᠤ ᠤᠯᠤᠰ᠎ᠤᠨ ᠬᠠᠭᠤᠴᠢ ᠰᠤᠳᠤᠯᠤᠯ  — ᠬᠤᠩᠱ᠌ᠠᠨ ᠨᠡᠢ᠌ᠭᠡᠮ᠎ᠤᠨ ᠪᠣᠯᠪᠠᠰᠤᠨ᠎ᠤ ᠠᠬᠢᠴᠠ ᠵᠢᠨ ᠰᠤᠳᠤᠯᠭ᠋ᠠᠨ》᠎ᠤ ᠲᠥᠷᠥᠯ ᠵᠦᠢᠯ᠎ᠨᠢ 2021 ᠣᠨ᠎ᠤ ᠰᠡᠭᠦᠯᠴᠢ᠎ᠪᠠᠷ ᠤᠯᠤᠰ᠎ᠤᠨ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠤᠪᠴᠢᠶᠠᠨ᠎ᠤ ᠴᠣᠬᠣᠯᠠᠪᠤᠷᠢ ᠬᠠᠷᠢᠭᠤᠯᠲᠠ ᠵᠢ ᠤᠯᠪᠠ  ᠃ ᠯᠢᠦ ᠾᠧ ᠭᠣᠤᠯ᠎ᠤᠨ ᠳᠡᠭᠡᠳᠦ ᠤᠷᠤᠰᠬᠠᠯ᠂ ᠯᠤᠤᠬ᠎ᠠ ᠭᠣᠤᠯ᠎ᠤᠨ ᠳᠡᠭᠡᠳᠦ ᠤᠷᠤᠰᠬᠠᠯ᠂ ᠵᠢᠶᠤᠤ ᠯᠠᠶ ᠾᠧ ᠭᠣᠤᠯ᠎ᠤᠨ ᠰᠠᠪᠠ ᠭᠠᠵᠠᠷ ᠵᠡᠷᠭᠡ ᠣᠷᠣᠨ ᠪᠦᠰᠡ ᠵᠢᠨ ᠴᠢᠨᠠᠷᠲᠠᠶ ᠬᠠᠭᠤᠴᠢ ᠰᠤᠳᠤᠯᠤᠯ᠎ᠤᠨ ᠪᠠᠢ᠌ᠴᠠᠭ᠋ᠠᠯᠲᠠ ᠵᠢᠴᠢ ᠤᠯᠠᠭ᠋ᠠᠨᠬᠠᠳᠠ ᠬᠤᠲᠠ ᠵᠢᠨ ᠰᠦᠩᠱ᠌ᠠᠨ ᠲᠣᠭᠣᠷᠢᠭ᠎ᠤᠨ ᠼᠠᠢ ᠲᠤᠤ ᠫᠦᠸᠸ ᠪᠠᠭᠤᠷᠢ ᠵᠢᠨ ᠬᠠᠭᠤᠴᠢ ᠰᠤᠳᠤᠯᠤᠯ᠂ ᠨᠡᠭᠡᠭᠡᠨ ᠮᠠᠯᠲᠠᠬᠤ ᠠᠵᠢᠯ ᠵᠶ᠋ᠠᠷ ᠳᠠᠮᠵᠢᠭᠤᠯᠤᠨ᠂ ᠥᠪᠥᠷ ᠮᠣᠩᠭᠣᠯ᠎ᠤᠨ ᠵᠡᠭᠦᠨ ᠡᠮᠦᠨᠡᠲᠦ ᠬᠡᠰᠡᠭ᠎ᠤᠨ ᠭᠠᠵᠠᠷ ᠣᠷᠣᠨ᠎ᠤ ᠬᠤᠩᠱ᠌ᠠᠨ ᠰᠣᠶᠣᠯ᠎ᠤᠨ ᠴᠠᠭ ᠬᠤᠭᠤᠴᠠᠭ᠎ᠠ ᠪᠠ ᠣᠷᠣᠨ ᠵᠠᠶ ᠵᠢᠨ ᠪᠣᠷᠣ ᠲᠥᠯᠥᠪ᠂ ᠲᠥᠪᠯᠡᠷᠡᠨ ᠰᠠᠭᠤᠷᠢᠰᠢᠭᠰᠠᠨ ᠲᠦᠯᠦᠪ ᠪᠠᠢ᠌ᠳᠠᠯ  ᠂ ᠴᠢᠳᠠᠮᠵᠢ ᠵᠢᠨ ᠢᠯᠭ᠋ᠠᠷᠠᠯ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ ᠬᠤᠩᠱ᠌ᠠᠨ ᠰᠣᠶᠣᠯ᠎ᠤᠨ ᠳᠤᠮᠳᠠᠳᠤ ᠵᠢᠨ ᠪᠣᠯᠪᠠᠰᠤᠨ᠎ᠤ ᠪᠦᠷᠢᠯᠳᠦᠯ ᠪᠠ ᠬᠥᠭᠵᠢᠯᠲᠡ᠎ᠳᠤ᠎ᠬᠢ ᠪᠠᠢ᠌ᠷᠢ ᠰᠠᠭᠤᠷᠢ ᠪᠠ ᠦᠢᠯᠡᠳᠦᠯ᠎ᠢ ᠶᠠᠷᠢᠯᠴᠠᠵᠤ᠂ ᠬᠤᠩᠱ᠌ᠠᠨ ᠰᠣᠶᠣᠯ᠎ᠤᠨ ᠳᠤᠮᠳᠠᠳᠤ ᠵᠢᠨ ᠪᠣᠯᠪᠠᠰᠤᠨ᠎ᠤ ᠪᠦᠷᠢᠯᠳᠦᠯ ᠪᠠ ᠬᠥᠭᠵᠢᠯᠲᠡ᠎ᠳᠤ ᠦᠵᠡᠭᠦᠯᠬᠦ ᠬᠤᠪᠢ ᠨᠡᠮᠡᠷᠢ ᠪᠠ ᠠᠴᠢ ᠬᠣᠯᠪᠣᠭᠳᠠᠯ᠎ᠢ ᠤᠯᠠᠮ ᠨᠢᠭᠡ ᠠᠯᠬᠤᠮ ᠭᠡᠷᠡᠴᠢᠯᠡᠪᠡ᠃

ᠢᠷᠡᠯᠲᠡ᠄ ᠤᠯᠠᠭ᠋ᠠᠨᠬᠠᠳᠠ ᠬᠣᠲᠠ ᠵᠢᠨ ᠰᠣᠶᠣᠯ ᠪᠠ ᠵᠢᠭᠤᠯᠴᠢᠯᠠᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠬᠢᠩᠭ᠋ᠠᠨ ᠠᠢ᠌ᠮᠠᠭ ᠵᠢᠭᠤᠯᠴᠢᠯᠠᠯ᠎ᠤᠨ ᠭᠣᠤᠯᠳᠠᠯᠭ᠎ᠠ᠎ᠲᠠᠢ ᠲᠥᠷᠥᠯ ᠵᠦᠢᠯ᠎ᠢ ᠲᠣᠬᠢᠷᠠᠭᠤᠯᠪᠠ
ᠰᠢᠯᠢ ᠵᠢᠨ ᠭᠣᠤᠯ ᠠᠢ᠌ᠮᠠᠭ᠎ᠤᠨ ᠨᠢᠭᠡᠨ ᠵᠠᠮ 《ᠬᠥᠳᠡᠭᠡ ᠲᠣᠰᠬᠣᠨ᠎ᠤ ᠳᠥᠷᠪᠡᠨ ᠴᠠᠭ᠎ᠤᠨ ᠰᠠᠢ᠌ᠨ ᠰᠠᠢ᠌ᠬᠠᠨ ᠥᠩᠭᠡ ᠦᠵᠡᠮᠵᠢ — ᠬᠠᠪᠤᠷ ᠲᠦᠯᠵᠢᠵᠦ ᠵᠣᠨ ᠪᠣᠢ᠌ᠵᠢᠬᠤ ᠲᠦᠮᠡᠨ ᠪᠣᠳᠠᠰ ᠭᠡᠭᠡᠨᠴᠢᠷ》 ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠰᠣᠳᠣᠨ ᠱᠤᠭᠤᠮ᠎ᠳᠤ ᠰᠣᠩᠭᠣᠭᠳᠠᠪᠠ
ᠦᠬᠠᠶ ᠬᠣᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ 《5·19》 ᠳᠤᠮᠳᠠᠳᠤ ᠤᠯᠤᠰ᠎ᠤᠨ ᠵᠢᠭᠤᠯᠴᠢᠯᠠᠯ᠎ᠤᠨ ᠡᠳᠦᠷ᠎ᠤᠨ ᠠᠵᠢᠯᠯᠠᠭ᠎ᠠ ᠵᠢ ᠵᠣᠯᠭ᠋ᠠᠭᠤᠯᠬᠤ ᠬᠤᠷᠠᠯ ᠬᠤᠷᠠᠯᠳᠤᠭᠤᠯᠪᠠ
ᠦᠬᠠᠶ ᠬᠣᠲᠠ ᠵᠢᠨ ᠰᠣᠶᠣᠯ ᠷᠠᠳᠢᠣ᠋ ᠲᠧᠯᠸᠢᠰ᠎ᠤᠨ ᠦᠢᠯᠡᠰ᠎ᠤᠨ ᠬᠥᠭᠵᠢᠯᠲᠡ ᠵᠢᠨ ᠲᠥᠪ᠎ᠤᠨ ᠨᠣᠮ᠎ᠤᠨ ᠰᠠᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ ᠲᠦᠷᠢᠮ》᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠦᠷᠨᠢᠭᠦᠯᠪᠡ
ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ᠎ᠳᠤ ᠬᠦᠴᠦᠨ ᠨᠡᠮᠡᠷᠢᠯᠡᠵᠦ ᠣᠶᠤᠨ ᠰᠠᠨᠠᠭ᠎ᠠ ᠰᠣᠶᠣᠯ᠎ᠤᠨ ᠬᠡᠷᠡᠭᠴᠡᠭᠡ ᠵᠢ ᠪᠠᠶᠠᠯᠢᠭᠵᠢᠭᠤᠯᠤᠨ᠎ᠠ
 
            